ᠥᠪᠦᠷᠬᠠᠩᠭᠠᠢ ᠠᠶᠢᠮᠠᠭ ᠤᠨ ᠬᠤᠵᠢᠷᠲᠤ᠂ ᠪᠠᠲᠤ-ᠥᠯᠵᠡᠢ᠂ ᠲᠠᠷᠠᠭᠲᠤ ᠰᠤᠮᠤᠳ ᠤᠨ ᠬᠠᠯᠠᠭᠤᠨ ᠷᠠᠰᠢᠶᠠᠨ᠂ ᠪᠠᠷᠠᠭᠤᠨ ᠪᠠᠶᠠᠨ-ᠤᠯᠠᠭᠠᠨ ᠰᠤᠮᠤ ᠶᠢᠨ ᠡᠯᠡᠰᠦᠨ ᠦ ᠡᠮᠴᠢᠯᠡᠭᠡ ᠶᠢ ᠲᠦᠰᠢᠭᠯᠡᠨ ᠵᠢᠭᠤᠯᠴᠢᠳ ᠲᠤ ᠵᠣᠷᠢᠭᠤᠯᠤᠭᠰᠠᠨ ᠠᠷᠠᠳ ᠤᠨ ᠤᠯᠠᠮᠵᠢᠯᠠᠯᠲᠤ ᠡᠮᠨᠡᠯᠭᠡ᠂ ᠠᠮᠠᠷᠠᠯᠲᠠ ᠶᠢᠨ ᠭᠠᠵᠠᠷ ᠤᠳ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃
ᠬᠤᠵᠢᠷᠲᠤ ᠰᠤᠮᠤ ᠳ᠋ᠡᠬᠢ ᠲᠠᠪᠤᠨ ᠷᠠᠰᠢᠶᠠᠨ ᠰᠤᠪᠢᠯᠠᠯ ᠳᠤ ᠡᠨᠡ ᠵᠢᠯ 20 ᠭᠠᠷᠤᠢ ᠮᠢᠩᠭᠠᠨ ᠬᠦᠮᠦᠨ ᠠᠮᠠᠷᠠᠵᠤ ᠰᠤᠪᠢᠯᠠᠭᠤᠯᠵᠠᠢ᠃ ᠣᠷᠬᠣᠨ ᠭᠣᠣᠯ ᠤᠨ ᠰᠠᠪᠠ ᠭᠠᠵᠠᠷ᠂ ᠬᠠᠩᠭᠠᠢ ᠶᠢᠨ ᠨᠢᠷᠤᠭᠤᠨ ᠤ ᠰᠠᠯᠪᠤᠷᠢ᠂ ᠳᠠᠯᠠᠢ ᠶᠢᠨ ᠲᠦᠪᠰᠢᠨ ᠡᠴᠡ 1660 ᠮᠧᠲ᠋ᠷ ᠦᠨ ᠥᠨᠳᠥᠷ ᠲᠦ ᠣᠷᠣᠰᠢᠳᠠᠭ ᠲᠤᠰ ᠰᠤᠮᠤ ᠶᠢᠨ ᠪᠠᠶᠢᠭᠠᠯᠢ ᠨᠢ ᠬᠦᠮᠦᠨ ᠦ ᠪᠡᠶ᠎ᠡ ᠶᠢᠨ ᠲᠤᠯᠭᠠᠭᠤᠷᠢ ᠡᠷᠬᠡᠲᠡᠨ᠂ ᠮᠡᠳᠡᠷᠡᠯ ᠳᠠᠭᠠᠭᠰᠠᠨ ᠡᠮᠴᠢᠯᠡᠭᠡ ᠰᠤᠪᠢᠯᠠᠯᠭᠠᠨ ᠤ ᠦᠨᠳᠦᠰᠦᠨ ᠤᠯᠠᠮᠵᠢᠯᠠᠯᠲᠤ ᠷᠠᠰᠢᠶᠠᠨ᠂ ᠰᠢᠪᠠᠷ ᠢᠶᠠᠷ ᠡᠯᠪᠡᠭ ᠶᠤᠮ᠃ ᠲᠡᠨᠳᠡ 70 ᠭᠠᠷᠤᠢ ᠵᠢᠯ ᠦᠨ ᠲᠡᠦᠬᠡ ᠲᠡᠢ ᠬᠤᠵᠢᠷᠲᠤ ᠷᠠᠰᠢᠶᠠᠨ ᠰᠤᠪᠢᠯᠠᠯ ᠪᠣᠯᠤᠨ ᠡᠯᠮᠠ᠂ ᠠᠨᠠᠨᠳᠠ᠂ ᠰᠡᠮᠵᠢᠳ᠂ ᠮᠤᠬᠤᠷ ᠵᠡᠷᠭᠡ ᠰᠤᠪᠢᠯᠠᠯ ᠤᠨ ᠭᠠᠵᠠᠷ ᠤᠳ ᠠᠵᠢᠯᠯᠠᠵᠤ ᠪᠠᠶᠢᠨ᠎ᠠ᠃ ᠲᠡᠭᠦᠨᠴᠢᠯᠡᠨ ᠡᠨᠡ ᠵᠢᠯ 250 ᠬᠦᠮᠦᠨ ᠦ ᠬᠦᠴᠦᠨ ᠴᠢᠳᠠᠯ ᠪᠦᠬᠦᠢ ︽ᠬᠠᠨ ᠬᠤᠵᠢᠷᠲᠤ︾ ᠷᠠᠰᠢᠶᠠᠨ ᠰᠤᠪᠢᠯᠠᠯ 21 ᠲᠡᠷᠪᠤᠮ ᠲᠥᠭᠥᠷᠢᠭ ᠦᠨ ᠬᠥᠷᠥᠩᠭᠡ ᠣᠷᠣᠭᠤᠯᠤᠯᠲᠠ ᠪᠠᠷ ᠪᠠᠷᠢᠭᠳᠠᠨ ᠠᠰᠢᠭᠯᠠᠯᠲᠠ ᠳᠤ ᠣᠷᠣᠵᠠᠢ᠃ ᠮᠥᠨ ᠲᠠᠷᠠᠭᠲᠤ ᠰᠤᠮᠤ ᠶᠢᠨ ᠨᠤᠲᠤᠭ ᠲᠤ ᠤᠷᠤᠰᠢᠬᠤ ᠬᠦᠷᠮᠡᠲᠦ ᠶᠢᠨ ᠬᠠᠯᠠᠭᠤᠨ ᠷᠠᠰᠢᠶᠠᠨ ᠢ ᠲᠦᠰᠢᠭᠯᠡᠨ ᠥᠭᠭᠢᠶᠡᠮᠦᠷ ᠰᠤᠪᠢᠯᠠᠯ ᠤᠨ ᠭᠠᠵᠠᠷ 2002 ᠣᠨ ᠳᠤ ᠪᠠᠶᠢᠭᠤᠯᠤᠭᠳᠠᠭᠰᠠᠨ ᠪᠠ ᠢᠷᠭᠡᠳ᠂ ᠠᠬᠠᠮᠠᠳ ᠨᠠᠰᠤᠲᠠᠨ ᠤ ᠨᠡᠶᠢᠭᠡᠮ ᠤᠨ ᠬᠠᠮᠠᠭᠠᠯᠠᠯ᠂ ᠡᠷᠡᠭᠦᠯ ᠮᠡᠨᠳᠦ ᠶᠢ ᠳᠡᠮᠵᠢᠬᠦ᠂ ᠰᠡᠷᠭᠦᠭᠡᠨ ᠵᠠᠰᠠᠬᠤ᠂ ᠤᠯᠠᠮᠵᠢᠯᠠᠯᠲᠤ ᠡᠮᠴᠢᠯᠡᠭᠡᠨ ᠪᠣᠯᠤᠨ ᠷᠠᠰᠢᠶᠠᠨ᠂ ᠰᠤᠪᠢᠯᠠᠯ ᠤᠨ ᠲᠤᠰᠠᠯᠠᠮᠵᠢ ᠦᠢᠯᠡᠴᠢᠯᠡᠭᠡ ᠦᠵᠡᠭᠦᠯᠵᠦ ᠪᠠᠶᠢᠨ᠎ᠠ᠃