ᠠᠷᠠᠳᠴᠢᠯᠠᠯ ᠤᠨ ᠪᠣᠯᠪᠠᠰᠤᠷᠠᠯ ᠤᠨ ᠲᠣᠭᠲᠠᠭᠠᠯ ᠢ ᠪᠠᠲᠤᠯᠠᠭᠤᠯᠪᠠ | News.MN

ᠠᠷᠠᠳᠴᠢᠯᠠᠯ ᠤᠨ ᠪᠣᠯᠪᠠᠰᠤᠷᠠᠯ ᠤᠨ ᠲᠣᠭᠲᠠᠭᠠᠯ ᠢ ᠪᠠᠲᠤᠯᠠᠭᠤᠯᠪᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 2018 ᠣᠨ ᠤ 12 ᠳ᠋ᠤᠭᠠᠷ ᠰᠠᠷ᠎ᠠ ᠶᠢᠨ 13 ᠍ ᠤ ᠡᠳᠦᠷ ᠦᠨ 52 ᠳᠠᠬᠢ ᠪᠦᠭᠦᠳᠡ ᠬᠤᠷᠠᠯᠳᠤᠭᠠᠨ ᠢᠶᠠᠷ ᠮᠣᠩᠭᠣᠯ ᠤᠯᠤᠰ ᠠᠴᠠ ᠬᠣᠶᠠᠷ ᠵᠢᠯ ᠲᠤᠲᠤᠮ ᠰᠠᠨᠠᠭᠠᠴᠢᠯᠠᠨ ᠬᠡᠯᠡᠯᠴᠡᠭᠦᠯᠳᠡᠭ ︽ᠠᠷᠠᠳᠴᠢᠯᠠᠯ ᠤᠨ ᠪᠣᠯᠪᠠᠰᠤᠷᠠᠯ ᠤᠨ ᠲᠤᠬᠠᠢ︾ ᠲᠣᠭᠲᠠᠭᠠᠯ ᠤᠨ ᠲᠥᠰᠥᠯ ᠢ ᠨᠡᠶᠢᠲᠡ ᠶᠢᠨ ᠵᠥᠪᠰᠢᠯᠴᠡᠯ ᠢᠶᠡᠷ ᠪᠠᠲᠤᠯᠠᠯ᠎ᠠ᠃ ︽ᠠᠷᠠᠳᠴᠢᠯᠠᠯ ᠤᠨ ᠪᠣᠯᠪᠠᠰᠤᠷᠠᠯ ᠤᠨ ᠲᠤᠬᠠᠢ︾ ᠲᠣᠭᠲᠠᠭᠠᠯ ᠳᠤ ᠠᠷᠠᠳᠴᠢᠯᠠᠭᠰᠠᠨ ᠵᠠᠰᠠᠭᠯᠠᠯ᠂ ᠡᠩᠬᠡ ᠲᠠᠶᠢᠪᠤᠩ᠂ ᠬᠥᠭᠵᠢᠯ ᠪᠣᠯᠤᠨ ᠬᠦᠮᠦᠨ ᠦ ᠡᠷᠬᠡ᠂ ᠡᠷᠬᠡ ᠴᠢᠯᠦᠭᠡ ᠶᠢ ᠬᠦᠬᠢᠭᠦᠯᠦᠨ ᠳᠡᠮᠵᠢᠬᠦ᠂ ᠬᠠᠮᠠᠭᠠᠯᠠᠬᠤ ᠠᠰᠠᠭᠤᠳᠠᠯ ᠤᠨ ᠤᠶᠠᠯᠳᠤᠭ᠎ᠠ ᠬᠣᠯᠪᠣᠭ᠎ᠠ ᠶᠢ ᠳᠠᠬᠢᠨ ᠨᠣᠲᠠᠯᠠᠬᠤ ᠶᠢᠨ ᠵᠡᠷᠭᠡᠴᠡᠭᠡ ᠠᠷᠠᠳᠴᠢᠯᠠᠯ᠂ ᠰᠠᠶᠢᠨ ᠵᠠᠰᠠᠭᠯᠠᠯ᠂ ᠬᠠᠤᠯᠢ ᠳᠡᠭᠡᠳᠦᠯᠡᠬᠦ ᠶᠣᠰᠣ ᠶᠢ ᠪᠦᠬᠦ ᠲᠦᠪᠰᠢᠨ ᠳᠦ ᠪᠡᠬᠢᠵᠢᠭᠦᠯᠬᠦ ᠳᠦ ᠪᠣᠯᠪᠠᠰᠤᠷᠠᠯ ᠴᠢᠬᠤᠯᠠ  ᠡᠭᠦᠷᠭᠡ  ᠲᠠᠢ ᠶᠢ ᠨᠣᠲᠠᠯᠠᠭᠰᠠᠨ᠃ ᠤᠭ ᠲᠣᠭᠲᠠᠭᠠᠯ ᠳᠤ ᠲᠢᠪ ᠪᠦᠷᠢ ᠶᠢᠨ ᠲᠥᠯᠥᠭᠡᠯᠡᠯ ᠪᠣᠯᠤᠭᠰᠠᠨ 45 ᠤᠯᠤᠰ ᠬᠠᠮᠲᠤᠷᠠᠨ ᠵᠣᠬᠢᠶᠠᠭᠴᠢ ᠪᠠᠷ ᠣᠷᠣᠭᠰᠠᠨ ᠨᠢ ᠠᠷᠠᠳᠴᠢᠯᠠᠯ ᠤᠨ ᠪᠣᠯᠪᠠᠰᠤᠷᠠᠯ ᠤᠨ ᠠᠰᠠᠭᠤᠳᠠᠯ ᠢ ᠭᠡᠰᠢᠭᠦᠨ ᠣᠷᠣᠨ ᠨᠤᠭᠤᠳ ᠥᠷᠭᠡᠨ ᠢᠶᠡᠷ ᠳᠡᠮᠵᠢᠵᠦ ᠪᠠᠶᠢᠭ᠎ᠠ ᠶᠢ ᠬᠠᠷᠠᠭᠤᠯᠪᠠ᠃
ᠮᠣᠩᠭᠣᠯ ᠤᠯᠤᠰ ︽ᠠᠷᠠᠳᠴᠢᠯᠠᠯ ᠤᠨ ᠪᠣᠯᠪᠠᠰᠤᠷᠠᠯ ᠤᠨ ᠲᠤᠬᠠᠢ︾ ᠲᠣᠭᠲᠠᠭᠠᠯ ᠢ ᠠᠩᠬ᠎ᠠ 2012 ᠣᠨ ᠳᠤ ᠠᠷᠠᠳᠴᠢᠯᠠᠭᠰᠠᠨ ᠣᠷᠣᠨ ᠨᠤᠭᠤᠳ ᠤᠨ ᠬᠠᠮᠲᠤ ᠶᠢᠨ ᠨᠡᠶᠢᠭᠡᠮᠯᠢᠭ ᠢ ᠳᠠᠷᠤᠭᠠᠯᠠᠵᠤ ᠪᠠᠶᠢᠬᠤ ᠳᠤ ᠪᠠᠨ ᠰᠠᠨᠠᠭᠠᠴᠢᠯᠠᠵᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ ᠪᠦᠭᠦᠳᠡ ᠬᠤᠷᠠᠯᠳᠤᠭᠠᠨ ᠢᠶᠠᠷ᠂ ᠮᠥᠨ 2013 ᠣᠨ ᠳᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠤ ᠪᠠᠶᠢᠭᠤᠯᠤᠯᠭ᠎ᠠ ᠶᠢᠨ ᠶᠡᠷᠦᠩᠬᠡᠢ ᠪᠠᠭ᠎ᠠ ᠬᠤᠷᠠᠯ ᠤᠨ 37 ᠳ᠋ᠤᠭᠠᠷ ᠴᠢᠭᠤᠯᠭᠠᠨ ᠢᠶᠠᠷ ︽ᠠᠷᠠᠳᠴᠢᠯᠠᠯ ᠤᠨ ᠪᠣᠯᠪᠠᠰᠤᠷᠠᠯ ᠢᠶᠠᠷ ᠳᠠᠮᠵᠢᠭᠤᠯᠤᠨ ᠳᠡᠯᠡᠬᠡᠢ ᠶᠢᠨ ᠢᠷᠭᠡᠨ ᠢ ᠲᠥᠯᠦᠪᠰᠢᠭᠦᠯᠬᠦ ᠲᠤᠬᠠᠢ︾ ᠲᠣᠭᠲᠠᠭᠠᠯ ᠰᠠᠨᠠᠭᠠᠴᠢᠯᠠᠵᠤ ᠪᠠᠲᠤᠯᠠᠭᠤᠯᠤᠭᠰᠠᠨ᠃

ᠰᠡᠳᠬᠢᠭᠳᠡᠯ ᠦᠯᠡᠳᠡᠭᠡᠬᠦ