ᠪ∙ᠤᠨᠳᠤᠷᠮ᠎ᠠ ᠭᠡᠰᠢᠭᠦᠨ ᠡᠴᠡ ᠮᠡᠳᠡᠭᠦᠯᠭᠡ ᠠᠪᠴᠠᠢ | News.MN

ᠪ∙ᠤᠨᠳᠤᠷᠮ᠎ᠠ ᠭᠡᠰᠢᠭᠦᠨ ᠡᠴᠡ ᠮᠡᠳᠡᠭᠦᠯᠭᠡ ᠠᠪᠴᠠᠢ

ᠠᠪᠯᠢᠭ᠎ᠠ ᠲᠠᠢ ᠲᠡᠮᠡᠴᠡᠬᠦ ᠭᠠᠵᠠᠷ ᠤᠨ ᠬᠢᠨ ᠥᠩᠭᠡᠷᠡᠭᠰᠡᠨ ᠳᠣᠯᠣᠭ᠎ᠠ ᠬᠣᠨᠣᠭ ᠲᠤ ᠪ∙ᠤᠨᠳᠤᠷᠮ᠎ᠠ ᠶᠢᠨ ᠡᠵᠡᠮᠰᠢᠯ ᠦᠨ ᠺᠠᠫᠢᠲ᠋ᠠᠯ ᠪᠠᠩᠬᠢ ᠶᠢ ᠰᠢᠯᠭᠠᠵᠤ᠂ ᠪᠢᠴᠢᠭ ᠪᠠᠷᠢᠮᠲᠠ ᠬᠤᠷᠢᠶᠠᠵᠤ ᠠᠪᠤᠭᠰᠠᠨ ᠶᠤᠮ᠃ ᠡᠭᠦᠨ ᠲᠡᠢ ᠬᠣᠯᠪᠣᠭᠳᠠᠭᠤᠯᠤᠨ ᠪ∙ᠤᠨᠳᠤᠷᠮ᠎ᠠ ᠭᠡᠰᠢᠭᠦᠨ ᠡᠴᠡ ᠪᠠᠶᠢᠴᠠᠭᠠᠯᠲᠠ ᠠᠪᠤᠭᠰᠠᠨ ᠪᠠᠶᠢᠨ᠎ᠠ᠃ ᠲᠡᠷᠡ ᠪᠡᠷ ᠬᠥᠷᠥᠩᠭᠡ ᠣᠷᠣᠯᠭ᠎ᠠ ᠶᠢᠨ ᠮᠡᠳᠡᠭᠦᠯᠭᠡ ᠳᠦ ᠪᠡᠨ ᠳᠤᠷᠠᠳᠤᠭᠰᠠᠨ ᠳ᠋ᠣᠺᠲ᠋ᠣᠷ ᠮᠸᠢᠢᠺ ᠺᠣᠮᠫᠠᠨᠢ ᠪᠠᠷ ᠢᠶᠠᠨ ᠳᠠᠮᠵᠢᠭᠤᠯᠤᠨ ᠵᠢᠵᠢᠭ ᠳᠤᠮᠳᠠ ᠶᠢᠨ ᠰᠠᠩ ᠠᠴᠠ 700 ᠰᠠᠶ᠎ᠠ ᠲᠥᠭᠥᠷᠢᠭ ᠦᠨ  ᠠᠪᠤᠭᠰᠠᠨ ᠶᠤᠮ᠃
ᠠᠪᠯᠢᠭ᠎ᠠ ᠲᠠᠢ ᠲᠡᠮᠡᠴᠡᠬᠦ ᠭᠠᠵᠠᠷ ᠤᠨ ᠬᠢᠨ ᠪ∙ᠤᠨᠳᠤᠷᠮ᠎ᠠ ᠶᠢ ᠳᠠᠭᠤᠳᠠᠵᠤ ᠪᠠᠶᠢᠴᠠᠭᠠᠭᠰᠠᠨ ᠨᠢ ᠦᠨᠡᠨ᠃  ᠵᠢᠭᠡᠯᠡ ᠣᠯᠭᠣᠯᠲᠠ ᠶᠢᠨ ᠠᠰᠠᠭᠤᠳᠠᠯ ᠬᠠᠤᠯᠢ ᠵᠢᠷᠤᠮ ᠤᠨ ᠳᠠᠭᠠᠤ ᠶᠠᠪᠤᠭᠳᠠᠭᠰᠠᠨ ᠡᠰᠡᠬᠦ᠂ ᠠᠯᠪᠠᠨ ᠲᠤᠰᠢᠶᠠᠯᠲᠠᠨ ᠲᠥᠰᠥᠯ ᠰᠣᠩᠭᠣᠨ ᠰᠢᠯᠭᠠᠷᠠᠭᠤᠯᠲᠠ ᠳᠤ ᠨᠥᠯᠦᠭᠡᠯᠡᠭᠰᠡᠨ ᠡᠰᠡᠬᠦ᠂ ᠡᠷᠬᠡ ᠪᠦᠬᠦᠢ ᠠᠯᠪᠠᠨ ᠲᠤᠰᠢᠶᠠᠯᠲᠠᠨ ᠪᠣᠯᠤᠨ ᠲᠤᠰ ᠰᠠᠩ ᠤᠨ ᠮᠡᠷᠭᠡᠵᠢᠯᠲᠡᠨ ᠨᠦᠭᠦᠳ ᠠᠯᠪᠠᠨ ᠲᠤᠰᠢᠶᠠᠯ ᠤᠨ ᠪᠠᠶᠢᠳᠠᠯ ᠢᠶᠠᠨ ᠠᠰᠢᠭᠯᠠᠵᠤ ᠪᠤᠰᠤᠳ ᠲᠤ ᠳᠠᠪᠠᠭᠤ ᠪᠠᠶᠢᠳᠠᠯ ᠣᠯᠭᠤᠭᠰᠠᠨ ᠡᠰᠡᠬᠦ᠂ ᠬᠡᠭᠡᠯᠢ ᠬᠠᠬᠤᠤᠯᠢ ᠠᠪᠤᠭᠰᠠᠨ ᠪᠠᠶᠢᠵᠤ ᠪᠣᠯᠬᠤ ᠦᠨᠳᠦᠰᠦᠯᠡᠯ ᠪᠦᠬᠦᠢ ᠪᠠᠷᠢᠮᠲᠠ ᠨᠤᠭᠤᠳ ᠢ ᠦᠨᠳᠦᠰᠦᠯᠡᠨ ᠮᠥᠷᠳᠡᠨ ᠰᠢᠯᠭᠠᠬᠤ ᠠᠵᠢᠯᠯᠠᠭ᠎ᠠ ᠶᠠᠪᠤᠭᠤᠯᠵᠤ ᠪᠠᠶᠢᠭ᠎ᠠ ᠪᠥᠭᠡᠳ ᠡᠨᠡ ᠬᠡᠷᠡᠭ ᠲᠦ ᠬᠣᠯᠪᠣᠭᠳᠠᠯ ᠲᠠᠢ ᠠᠯᠪᠠᠨ ᠲᠤᠰᠢᠶᠠᠯᠲᠠ ᠨᠤᠭᠤᠳ ᠠᠴᠠ ᠮᠡᠳᠡᠭᠦᠯᠭᠡ ᠪᠠᠶᠢᠴᠠᠭᠠᠯᠲᠠ ᠠᠪᠴᠤ ᠪᠠᠶᠢᠭ᠎ᠠ ᠭᠡᠪᠡ ᠃

ᠰᠡᠳᠬᠢᠭᠳᠡᠯ ᠦᠯᠡᠳᠡᠭᠡᠬᠦ