10 ᠭᠠᠷᠤᠢ ᠬᠠᠤᠯᠢ ᠳᠤ 267 ᠳᠠᠪᠬᠤᠷᠳᠠᠯ ᠢᠯᠡᠷᠡᠵᠡᠢ | News.MN

10 ᠭᠠᠷᠤᠢ ᠬᠠᠤᠯᠢ ᠳᠤ 267 ᠳᠠᠪᠬᠤᠷᠳᠠᠯ ᠢᠯᠡᠷᠡᠵᠡᠢ

ᠬᠠᠤᠯᠢ ᠵᠦᠢ ᠳᠣᠲᠣᠭᠠᠳᠤ ᠬᠡᠷᠡᠭ ᠦᠨ ᠶᠠᠮᠤᠨ ᠠᠴᠠ ᠡᠷᠦᠳᠡᠰᠦ ᠪᠠᠶᠠᠯᠢᠭ ᠤᠨ ᠰᠠᠯᠪᠤᠷᠢ ᠶᠢᠨ 10 ᠭᠠᠷᠤᠢ ᠬᠠᠤᠯᠢ ᠶᠢᠨ ᠲᠥᠰᠥᠯ ᠦᠨ ᠰᠠᠨᠠᠯ ᠢ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠶᠠᠮᠤᠨ ᠳᠤ ᠬᠦᠯᠢᠶᠡᠯᠭᠡᠨ ᠥᠭᠴᠡᠢ᠃  ᠬᠤᠶᠠᠷ ᠶᠠᠮᠤᠨ ᠬᠠᠮᠲᠤᠷᠠᠨ ᠭᠧᠷᠮᠠᠨ ᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠨᠡᠶᠢᠭᠡᠮᠯᠢᠭ ᠦᠨ ︽ᠡᠳ᠋  ᠦᠨ ᠵᠠᠰᠠᠭ ᠤᠨ ᠲᠣᠭᠲᠠᠪᠤᠷᠢᠲᠠᠢ ᠬᠥᠭᠵᠢᠯ ᠦᠨ ᠡᠷᠬᠡ ᠵᠦᠢ ᠶᠢᠨ ᠣᠷᠴᠢᠨ ᠢ ᠪᠠᠲᠤᠯᠠᠭᠠᠵᠢᠭᠤᠯᠬᠤ︾ ᠲᠥᠰᠥᠯ ᠦᠨ ᠳᠡᠮᠵᠢᠯᠭᠡ ᠲᠡᠢ ᠪᠡᠷ 10 ᠭᠠᠷᠤᠢ ᠬᠠᠤᠯᠢ ᠶᠢᠨ ᠵᠥᠷᠢᠴᠡᠯ᠂ ᠳᠠᠪᠬᠤᠷᠳᠠᠯ ᠤᠨ ᠲᠠᠶᠢᠯᠤᠨ᠂ ᠡᠳᠡᠭᠡᠷ ᠬᠠᠤᠯᠢ ᠳᠤ ᠣᠷᠣᠭᠤᠯᠵᠤ ᠪᠣᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠦᠨ ᠰᠠᠨᠠᠯ ᠢ ᠪᠡᠯᠡᠳᠬᠡᠭᠰᠡᠨ ᠪᠠᠶᠢᠨ᠎ᠠ᠃
︽ᠠᠰᠢᠭᠲᠤ ᠮᠠᠯᠲᠠᠮᠠᠯ ᠤᠨ ᠲᠤᠬᠠᠢ︾᠂ ︽ᠭᠠᠵᠠᠷ ᠤᠨ ᠲᠣᠰᠤᠨ ᠤ ᠲᠤᠬᠠᠢ︾᠂ ︽ᠭᠠᠵᠠᠷ ᠤᠨ ᠬᠡᠪᠡᠯᠢ ᠶᠢᠨ ᠲᠤᠬᠠᠢ︾᠂ ︽ᠭᠠᠵᠠᠷ ᠤᠨ ᠲᠣᠰᠤᠨ ᠤ ᠪᠦᠲᠦᠭᠡᠭᠳᠡᠬᠦᠨ ᠦ ᠲᠤᠬᠠᠢ︾᠂ ︽ᠭᠣᠣᠯ ᠮᠥᠷᠡᠨ ᠦ ᠤᠷᠤᠰᠴᠠ ᠪᠦᠷᠢᠯᠳᠦᠬᠦ ᠡᠬᠢ᠂ ᠤᠰᠤᠨ ᠤ ᠰᠠᠩ ᠪᠦᠬᠦᠢ ᠭᠠᠵᠠᠷ ᠤᠨ ᠬᠠᠮᠠᠭᠠᠯᠠᠯᠲᠠ ᠶᠢᠨ ᠪᠥᠰᠡ᠂ ᠣᠢ ᠶᠢᠨ ᠰᠠᠩ ᠪᠦᠬᠦᠢ ᠭᠠᠵᠠᠷ ᠲᠤ ᠠᠰᠢᠭᠲᠤ ᠮᠠᠯᠲᠠᠮᠠᠯ ᠬᠠᠶᠢᠬᠤ᠂ ᠠᠰᠢᠭᠯᠠᠬᠤ ᠶᠢ ᠬᠤᠷᠢᠭᠯᠠᠬᠤ ᠲᠤᠬᠠᠢ︾ ᠵᠡᠷᠭᠡ 10 ᠭᠠᠷᠤᠢ ᠬᠠᠤᠯᠢ ᠳᠤ  ᠳ᠋ᠦᠩ ᠰᠢᠨᠵᠢᠯᠡᠭᠡ ᠬᠢᠵᠦ᠂ ᠨᠡᠶᠢᠲᠡ 267 ᠳᠠᠪᠬᠤᠷᠳᠠᠯ᠂ 150 ᠬᠡᠶᠢᠳᠡᠯ᠂ 150 ᠵᠥᠷᠢᠴᠡᠯ ᠢ ᠲᠣᠭᠲᠠᠭᠠᠭᠰᠠᠨ ᠪᠠᠶᠢᠨ᠎ᠠ᠃ ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠶᠠᠮᠤᠨ ᠬᠠᠤᠯᠢ ᠶᠢᠨ ᠳᠠᠪᠬᠤᠷᠳᠠᠯ᠂ ᠬᠡᠶᠢᠳᠡᠯ᠂ ᠵᠥᠷᠢᠴᠡᠯ ᠢ ᠠᠷᠢᠯᠭᠠᠬᠤ ᠰᠤᠳᠤᠯᠭᠠᠨ ᠤ ᠲᠠᠶᠢᠯᠤᠨ ᠢ ᠰᠤᠳᠤᠯᠵᠤ᠂ ᠲᠤᠰ ᠬᠠᠤᠯᠢ ᠨᠤᠭᠤᠳ ᠲᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠤᠨ ᠡᠨᠡ ᠨᠠᠮᠤᠷ ᠤᠨ ᠨᠢᠭᠡᠳᠦᠭᠰᠡᠨ ᠴᠢᠭᠤᠯᠭᠠᠨ ᠳᠤ ᠬᠠᠤᠯᠢ ᠶᠢᠨ ᠲᠥᠰᠥᠯ ᠢ ᠬᠡᠯᠡᠯᠴᠡᠭᠦᠯᠬᠦ ᠪᠡᠷ ᠲᠥᠯᠥᠪᠯᠡᠵᠡᠢ᠃

ᠰᠡᠳᠬᠢᠭᠳᠡᠯ ᠦᠯᠡᠳᠡᠭᠡᠬᠦ