ᠲᠠᠶᠢᠸᠠᠨ ᠤ ᠲᠠᠶᠢᠪᠸᠢ ᠬᠤᠲᠠᠨ᠎ᠠ ᠡᠨᠡ ᠠᠷᠪᠠᠨ ᠬᠣᠶᠠᠳᠤᠭᠠᠷ ᠰᠠᠷ᠎ᠠ ᠶᠢᠨ 13-16 ᠍ ᠤ ᠬᠣᠭᠣᠷᠣᠨᠳᠣ ᠵᠣᠬᠢᠶᠠᠨ ᠪᠠᠶᠢᠭᠤᠯᠤᠭᠳᠠᠵᠤ ᠪᠤᠢ ᠭᠤᠴᠢᠳᠠᠬᠢ ᠤᠳᠠᠭ᠎ᠠ ᠶᠢᠨ ᠲᠠᠶᠢᠪᠸᠢ ᠶᠢᠨ ᠣᠯᠠᠨ ᠤᠯᠤᠰ ᠤᠨ ᠪᠠᠷᠢᠯᠭ᠎ᠠ᠂ ᠪᠠᠷᠢᠯᠭ᠎ᠠ ᠶᠢᠨ ᠮᠠᠲ᠋ᠧᠷᠢᠶᠠᠯ ᠤᠨ ᠦᠵᠡᠰᠬᠦᠯᠡᠩ ᠳᠦ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠪᠣᠯᠤᠨ ᠮᠣᠩᠭᠣᠯ ᠤᠨ ᠪᠠᠷᠢᠯᠭ᠎ᠠ ᠶᠢᠨ ᠦᠨᠳᠦᠰᠦᠨ ᠦ ᠠᠰᠰᠤᠼᠢᠶᠠᠼ ᠬᠠᠮᠲᠤᠷᠠᠨ ᠣᠷᠣᠯᠴᠠᠵᠤ ᠪᠠᠶᠢᠨ᠎ᠠ᠃ ᠮᠣᠩᠭᠣᠯ ᠤᠨ 12 ᠺᠣᠮᠫᠠᠨᠢ ᠶᠢᠨ 30 ᠣᠷᠴᠢᠮ ᠲᠥᠯᠦᠭᠡᠯᠡᠭᠴᠢ ᠡᠨᠡ ᠤᠳᠠᠭ᠎ᠠ ᠶᠢᠨ ᠦᠵᠡᠰᠬᠦᠯᠡᠩ ᠳᠦ ᠤᠷᠤᠯᠴᠠᠵᠤ ᠪᠠᠶᠢᠨ᠎ᠠ᠃ ᠦᠵᠡᠰᠭᠦᠯᠡᠩ ᠳᠦ ᠲᠠᠶᠢᠸᠠᠨ ᠤ ᠭᠠᠩ ᠢᠶᠠᠷ ᠬᠢᠭᠰᠡᠨ ᠪᠦᠲᠦᠭᠡᠭᠳᠡᠬᠦᠨ᠂ ᠤᠭᠢᠶᠠᠯᠠᠭᠠ ᠶᠢᠨ ᠥᠷᠥᠭᠡᠨ ᠦ ᠬᠡᠷᠡᠭᠰᠡᠯ᠂ ᠭᠢᠫᠰ ᠬᠠᠪᠲᠠᠩ᠂ ᠲᠤᠰᠠᠭᠠᠷᠯᠠᠭᠴᠢ ᠮᠠᠲ᠋ᠧᠷᠢᠶᠠᠯ ᠪᠣᠯᠤᠨ ᠰᠢᠪᠠᠷ ᠪᠦᠲᠦᠭᠡᠭᠳᠡᠬᠦᠨ ᠵᠡᠷᠭᠡ ᠶᠢ ᠲᠦᠯᠬᠢᠭᠦᠦ ᠰᠤᠷᠲᠠᠯᠴᠢᠯᠠᠵᠠᠢ ᠃