ᠮᠣᠩᠭᠣᠯ ᠴᠣᠣᠵᠢ ᠶᠢᠨ  ᠦᠵᠡᠰᠬᠦᠯᠡᠩ ᠳᠡᠯᠭᠡᠭᠳᠡᠵᠡᠢ | News.MN

ᠮᠣᠩᠭᠣᠯ ᠴᠣᠣᠵᠢ ᠶᠢᠨ  ᠦᠵᠡᠰᠬᠦᠯᠡᠩ ᠳᠡᠯᠭᠡᠭᠳᠡᠵᠡᠢ

ᠮᠣᠩᠭᠣᠯ ᠴᠣᠣᠵᠢ ᠪᠣᠯᠤᠨ ᠴᠣᠣᠵᠢ ᠶᠢ ᠤᠷᠠᠯᠠᠵᠤ ᠪᠦᠲᠦᠭᠡᠭᠰᠡᠨ ᠤᠷᠠᠨ  ᠳᠠᠷᠬᠠᠳ  ᠤᠨ ᠲᠠᠯ᠎ᠠ ᠪᠠᠷ ᠬᠢ ᠮᠡᠳᠡᠭᠡ ᠮᠡᠳᠡᠭᠡᠯᠡᠯ᠂ ᠡᠳ᠋ ᠥᠯᠥᠭ ᠦᠨ ᠵᠦᠢᠯᠡᠰ ᠢᠶᠡᠷ ᠦᠵᠡᠰᠬᠦᠯᠡᠩ ᠵᠣᠬᠢᠶᠠᠨ ᠪᠠᠶᠢᠭᠤᠯᠵᠤ᠂ ᠣᠯᠠᠨ ᠤ ᠬᠦᠷᠲᠡᠭᠡᠯ ᠪᠣᠯᠭᠠᠯ᠎ᠠ᠃ ᠰᠤᠶᠤᠯ ᠤᠨ ᠥᠪ ᠦᠨ ᠰᠦᠯᠵᠢᠶ᠎ᠡ ᠬᠠᠷᠢᠯᠴᠠᠭ᠎ᠠ ᠬᠣᠯᠪᠣᠭᠠᠨ ᠤ ᠵᠥᠪᠯᠡᠯ ᠡᠴᠡ ᠮᠣᠩᠭᠣᠯ  ᠴᠤᠤᠵᠢ ᠶᠢ ᠤᠯᠤᠰ ᠤᠨ ᠬᠡᠮᠵᠢᠶᠡᠨ ᠳᠦ ᠰᠤᠳᠤᠯᠭ᠎ᠠ ᠬᠢᠵᠦ᠂ ᠮᠡᠳᠡᠭᠡᠯᠡᠯ ᠦᠨ ᠨᠢᠭᠡᠳᠦᠭᠰᠡᠨ ᠰᠠᠩ ᠪᠤᠢ ᠪᠣᠯᠭᠠᠭᠰᠠᠨ ᠪᠠᠶᠢᠨ᠎ᠠ᠃
ᠮᠣᠩᠭᠣᠯ ᠤᠷᠠᠨ ᠳᠠᠷᠬᠠᠨ ᠤ ᠤᠷᠠᠯᠠᠯ ᠢ ᠣᠨᠢᠰᠤᠯᠠᠬᠤ ᠠᠷᠭ᠎ᠠ ᠤᠬᠠᠭᠠᠨ ᠲᠠᠢ ᠬᠣᠷᠰᠢᠭᠤᠯᠤᠭᠰᠠᠨ᠂ ᠪᠡᠯᠭᠡᠳᠡᠯ᠂ ᠠᠬᠤᠢ ᠬᠡᠷᠡᠭᠯᠡᠭᠡᠨ ᠦ ᠥᠪ ᠰᠤᠶᠤᠯ ᠤᠨ ᠤᠯᠠᠮᠵᠢᠯᠠᠯ ᠪᠣᠯᠤᠭᠰᠠᠨ ᠭᠠᠶᠢᠬᠠᠮᠰᠢᠭᠲᠤ ᠥᠪ ᠢ ᠣᠷᠴᠢᠨ ᠦᠶ᠎ᠡ ᠶᠢᠨ  ᠳᠠᠪᠰᠢᠯᠲᠠᠳᠤ ᠲᠧᠭᠨᠢᠭ ᠲᠧᠭᠨᠣᠯᠣᠭᠢ ᠶᠢᠨ ᠣᠯᠤᠯᠲᠠ ᠶᠢ ᠠᠰᠢᠭᠯᠠᠨ ᠮᠣᠩᠭᠣᠯ ᠴᠣᠣᠵᠢᠨ ᠤ ᠳᠣᠲᠣᠭᠠᠳᠤ ᠪᠦᠲᠦᠴᠡ᠂ ᠣᠨᠢᠰᠤᠨ ᠤ ᠠᠵᠢᠯᠯᠠᠬᠤ ᠵᠠᠷᠴᠢᠮ ᠢ 3D ᠠᠨᠢᠮᠸᠱᠸᠨ ᠬᠡᠯᠪᠡᠷᠢ ᠪᠡᠷ ᠦᠵᠡᠭᠦᠯᠦᠭᠰᠡᠨ ᠨᠢ ᠦᠵᠡᠭᠴᠢᠳ ᠦᠨ ᠲᠠᠯᠠᠷᠬᠠᠯ ᠢ ᠬᠦᠯᠢᠶᠡᠵᠡᠢ᠃
︽ᠮᠣᠩᠭᠣᠯ ᠴᠣᠣᠵᠢ ᠮᠠᠷᠲᠠᠭᠳᠠᠰᠢ ᠦᠭᠡᠢ ᠥᠪ︾ ᠦᠵᠡᠰᠬᠦᠯᠡᠩ ᠳᠦ ᠠᠶᠢᠮᠠᠭ᠂ ᠨᠡᠶᠢᠰᠯᠡᠯ ᠦᠨ ᠮᠦᠽᠧᠢ ᠶᠢᠨ ᠰᠠᠩ ᠬᠥᠮᠥᠷᠭᠡ ᠳᠦ ᠬᠠᠳᠠᠭᠠᠯᠠᠭᠳᠠᠵᠤ ᠪᠠᠶᠢᠭ᠎ᠠ ᠮᠣᠩᠭᠣᠯ ᠴᠣᠣᠵᠢᠨ ᠤ ᠭᠡᠷᠡᠯ ᠵᠢᠷᠤᠭ ᠤᠨ ᠴᠣᠮᠣᠭ ᠪᠣᠯᠤᠨ ᠬᠡᠯᠡ ᠵᠣᠬᠢᠶᠠᠯ ᠰᠤᠳᠤᠯᠤᠭᠠᠴᠢ᠂ ᠳ᠋ᠣᠺᠲ᠋ᠣᠷ ᠷ∙ᠣᠳᠬᠣᠨᠪᠠᠭᠠᠲᠤᠷ ᠤᠨ ᠬᠤᠪᠢ  ᠶᠢᠨ ᠴᠤᠭᠯᠠᠭᠤᠯᠭ᠎ᠠ ᠳ᠋ᠡᠬᠢ ᠬᠣᠪᠣᠷ ᠨᠠᠨᠳᠢᠨ ᠮᠣᠩᠭᠣᠯ  ᠴᠤᠤᠵᠢ ᠨᠤᠭᠤᠳ ᠪᠡᠶᠡᠲᠦ ᠪᠡᠷ ᠳᠡᠯᠭᠡᠭᠳᠡᠨ ᠲᠠᠯᠪᠢᠭᠳᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ