ᠵᠠᠮ ᠤᠨ ᠴᠠᠭᠳᠠᠭ᠎ᠠ ᠶᠢᠨ ᠠᠯᠪᠠ ᠬᠠᠭᠠᠭᠴᠢᠳ ᠭᠤᠳᠤᠮᠵᠢ ᠵᠠᠮ ᠳᠤ ᠬᠢᠨᠠᠯᠲᠠ ᠰᠢᠯᠭᠠᠯᠲᠠ ᠪᠠᠷ ᠠᠵᠢᠯᠯᠠᠬᠤ ᠬᠤᠭᠤᠴᠠᠭᠠᠨ ᠳᠤ ᠪᠠᠨ ᠵᠢᠯᠣᠭᠣᠴᠢ ᠳᠤ ᠵᠠᠮ ᠤᠨ ᠬᠥᠳᠡᠯᠭᠡᠭᠡᠨ ᠦ ᠠᠶᠤᠯᠭᠦᠢ ᠪᠠᠶᠢᠳᠠᠯ ᠢ ᠬᠠᠩᠭᠠᠬᠤ ᠲᠠᠢ ᠬᠣᠯᠪᠣᠭ᠎ᠠ ᠲᠠᠢ ᠬᠠᠤᠯᠢ ᠳᠦᠷᠢᠮ᠂ ᠵᠢᠷᠤᠮ ᠰᠲ᠋ᠠᠨᠳᠠᠷᠲ ᠢ ᠮᠥᠷᠳᠡᠭᠦᠯᠬᠦ᠂ ᠰᠠᠬᠢᠯᠭ᠎ᠠ ᠬᠠᠷᠢᠭᠤᠴᠠᠯᠭ᠎ᠠ ᠶᠢ ᠰᠠᠶᠢᠵᠢᠷᠠᠭᠤᠯᠬᠤ ᠵᠣᠷᠢᠯᠭ᠎ᠠ ᠪᠠᠷ ᠭᠠᠷᠭᠠᠭᠰᠠᠨ ᠵᠦᠷᠢᠴᠡᠯ ᠳᠦ ᠬᠠᠤᠯᠢ ᠶᠢᠨ ᠳᠠᠭᠠᠤ ᠬᠠᠷᠢᠭᠤᠴᠠᠯᠭ᠎ᠠ ᠣᠨᠣᠭᠳᠠᠭᠤᠯᠵᠤ᠂ ᠵᠥᠷᠢᠴᠡᠯ ᠦᠨ ᠣᠨᠣᠭ᠎ᠠ ᠶᠢ 1-5 ᠬᠦᠷᠲᠡᠯ᠎ᠡ ᠬᠠᠰᠤᠵᠤ ᠲᠣᠭᠠᠴᠠᠵᠤ ᠪᠠᠶᠢᠭ᠎ᠠ᠃ ᠲᠡᠭᠡᠪᠡᠯ ᠵᠢᠯᠣᠭᠣᠴᠢ ᠶᠢᠨ ᠵᠥᠷᠢᠴᠡᠯ ᠦᠨ ᠪᠦᠷᠢᠳᠬᠡᠯ ᠦᠨ ᠣᠨᠣᠭ᠎ᠠ ᠲᠣᠭᠠᠴᠠᠬᠤ ᠵᠢᠷᠤᠮ ᠳᠤ ᠵᠢᠭᠠᠭᠰᠠᠨ ᠤ ᠳᠠᠭᠠᠤ ᠡᠨᠡ ᠵᠢᠯ ᠦᠨ ᠡᠬᠢᠨ ᠦ 11 ᠰᠠᠷ᠎ᠠ ᠶᠢᠨ ᠪᠠᠶᠢᠳᠠᠯ ᠢᠶᠠᠷ ᠨᠡᠶᠢᠲᠡ 187712 ᠵᠢᠯᠣᠭᠣᠴᠢ ᠶᠢᠨ ᠵᠥᠷᠢᠴᠡᠯ ᠦᠨ ᠣᠨᠣᠭ᠎ᠠ ᠲᠣᠭᠠᠴᠠᠭᠰᠠᠨ ᠠᠴᠠ ᠵᠢᠯᠣᠭᠣᠴᠢ ᠶᠢᠨ ᠣᠨᠣᠭ᠎ᠠ ᠳᠠᠭᠤᠰᠴᠦ᠂ ᠡᠷᠬᠡ ᠲᠦᠳᠡᠭᠡᠯᠵᠡᠭᠰᠡᠨ 2930 ᠵᠢᠯᠣᠭᠣᠴᠢ ᠪᠦᠷᠢᠳᠬᠡᠯ ᠲᠡᠢ ᠪᠠᠶᠢᠭ᠎ᠠ ᠨᠢ ᠡᠮᠦᠨ᠎ᠡ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 2.4 ᠳᠠᠬᠢᠨ ᠨᠡᠮᠡᠭᠳᠡᠵᠡᠢ᠃