ᠳ∙ᠴᠣᠭᠲᠤᠪᠠᠭᠠᠲᠤᠷ ᠭᠷᠸᠭ ᠦᠨ ᠡᠯᠴᠢᠨ ᠲᠠᠢ ᠠᠭᠤᠯᠵᠠᠪᠠ | News.MN

ᠳ∙ᠴᠣᠭᠲᠤᠪᠠᠭᠠᠲᠤᠷ ᠭᠷᠸᠭ ᠦᠨ ᠡᠯᠴᠢᠨ ᠲᠠᠢ ᠠᠭᠤᠯᠵᠠᠪᠠ

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠪᠦᠭᠦᠳᠡ ᠨᠠᠶᠢᠷᠠᠮᠳᠠᠬᠤ ᠭᠷᠸᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠯᠧᠣᠨᠢᠳᠠᠰ ᠷᠣᠺᠠᠨᠠᠰ ᠢ ᠬᠦᠯᠢᠶᠡᠨ ᠠᠪᠴᠤ ᠠᠭᠤᠯᠵᠠᠪᠠ᠃ ᠬᠤᠶᠠᠷ ᠲᠠᠯ᠎ᠠ ᠨᠤᠭᠤᠳ ᠬᠤᠳᠠᠯᠳᠤᠭ᠎ᠠ᠂ ᠡᠳ᠋ ᠦᠨ ᠵᠠᠰᠠᠭ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠳᠡᠯᠭᠡᠷᠡᠩᠭᠦᠢ ᠰᠠᠨᠠᠯ ᠰᠤᠯᠢᠯᠴᠠᠪᠠ᠃ ᠡᠯᠴᠢᠨ ᠰᠠᠶᠢᠳ ᠯ∙ᠷᠣᠺᠠᠨᠠᠰ ᠳ᠋ᠢᠫᠯᠣᠮᠠᠲ ᠪᠣᠯᠤᠨ ᠠᠯᠪᠠᠨ ᠫᠠᠰᠫᠣᠷᠲ ᠡᠵᠡᠮᠰᠢᠭᠴᠢᠳ ᠢ ᠸᠢᠰᠠ ᠶᠢᠨ ᠱᠠᠭᠠᠷᠳᠠᠯᠭ᠎ᠠ ᠠᠴᠠ ᠴᠢᠯᠦᠭᠡᠯᠡᠬᠦ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠭᠷᠸᠭ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡ᠂ ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠰᠠᠨᠠᠮᠵᠢ ᠪᠢᠴᠢᠭ ᠢ ᠣᠶᠢᠷ᠎ᠠ ᠶᠢᠨ ᠬᠤᠭᠤᠴᠠᠭᠠᠨ ᠳᠤ ᠪᠠᠶᠢᠭᠤᠯᠬᠤ ᠨᠢ ᠬᠣᠶᠠᠷ ᠣᠷᠣᠨ ᠤ ᠬᠠᠷᠢᠯᠴᠠᠭᠠᠨ ᠤ ᠬᠦᠭᠵᠢᠯ ᠳᠦ ᠴᠢᠬᠤᠯᠠ ᠠᠴᠢ ᠬᠣᠯᠪᠣᠭᠳᠠᠯ ᠲᠠᠢ ᠪᠣᠯᠬᠤ ᠶᠢ ᠣᠨᠴᠠᠯᠠᠨ ᠲᠡᠮᠳᠡᠭᠯᠡᠪᠡ᠃
ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ ᠶᠢᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠥᠷᠭᠡᠨ ᠪᠣᠯᠤᠮᠵᠢ ᠲᠠᠢ ᠪᠣᠯᠬᠤ ᠶᠢ ᠣᠨᠴᠠᠯᠠᠵᠤ᠂ ᠮᠣᠩᠭᠣᠯ ᠤᠨ ᠵᠠᠯᠠᠭᠤ ᠳ᠋ᠢᠫᠯᠣᠮᠠᠲ ᠤᠳ ᠢ ᠭᠷᠸᠭ ᠦᠨ ᠳ᠋ᠢᠫᠯᠣᠮᠠᠲ ᠤᠨ ᠠᠺᠠᠳᠧᠮᠢ ᠳᠤ ᠰᠤᠷᠤᠯᠴᠠᠭᠤᠯᠬᠤ ᠶᠢ ᠬᠦᠰᠡᠯᠲᠡ ᠪᠣᠯᠭᠠᠪᠠ᠃

ᠰᠡᠳᠬᠢᠭᠳᠡᠯ ᠦᠯᠡᠳᠡᠭᠡᠬᠦ