ᠳᠡᠭᠡᠳᠦ ᠰᠢᠭᠦᠬᠦ ᠬᠣᠶᠠᠷ ᠨᠠᠮ ᠢ ᠪᠦᠷᠢᠳᠬᠡᠯ᠎ᠡ | News.MN

ᠳᠡᠭᠡᠳᠦ ᠰᠢᠭᠦᠬᠦ ᠬᠣᠶᠠᠷ ᠨᠠᠮ ᠢ ᠪᠦᠷᠢᠳᠬᠡᠯ᠎ᠡ

ᠤᠯᠤᠰ ᠤᠨ ᠳᠡᠭᠡᠳᠦ ᠰᠢᠭᠦᠬᠦ ᠥᠨᠥᠳᠥᠷ ᠠᠷᠠᠳ ᠲᠦᠮᠡᠨ ᠦ ᠣᠯᠠᠩᠬᠢ ᠶᠢᠨ ᠵᠠᠰᠠᠭᠯᠠᠯ ᠨᠠᠮ᠍ ᠢ ᠤᠯᠤᠰ ᠤᠨ ᠪᠦᠷᠢᠳᠬᠡᠯ ᠳᠦ ᠪᠥᠷᠢᠳᠬᠡᠭᠦᠯᠬᠦ ᠲᠤᠬᠠᠢ ᠼ∙ᠨᠠᠷᠠᠨᠭᠡᠷᠡᠯ ᠨᠠᠷ ᠤᠨ᠂ ᠶᠡᠬᠡ ᠡᠪ ᠨᠠᠮ ᠢ ᠤᠯᠤᠰ ᠤᠨ ᠪᠦᠷᠢᠳᠬᠡᠯ ᠳᠦ ᠪᠥᠷᠢᠳᠬᠡᠭᠦᠯᠬᠦ ᠲᠤᠬᠠᠢ ᠽ∙ᠪᠠᠲᠤᠠᠤᠳᠬᠤᠨ ᠨᠠᠷ ᠤᠨ ᠬᠦᠰᠡᠯᠲᠡ ᠶᠢ ᠬᠢᠨᠠᠨ ᠬᠡᠯᠡᠯᠴᠡᠯ᠎ᠡ᠃
ᠬᠦᠰᠡᠯᠲᠡ ᠭᠠᠷᠭᠠᠭᠴᠢᠳ ᠤᠨ ᠢᠷᠡᠭᠦᠯᠦᠭᠰᠡᠨ ᠪᠠᠷᠢᠮᠲᠠ ᠪᠣᠯᠤᠨ ᠨᠠᠮ ᠤᠨ ᠳᠦᠷᠢᠮ᠂ ᠮᠥᠷ ᠦᠨ ᠬᠥᠲᠥᠯᠪᠦᠷᠢ ᠨᠢ ᠦᠨᠳᠦᠰᠦᠨ ᠬᠠᠤᠯᠢ᠂ ᠤᠯᠤᠰ ᠲᠥᠷᠥ ᠶᠢᠨ ᠨᠠᠮ ᠤᠨ ᠲᠤᠬᠠᠢ ᠬᠠᠤᠯᠢ᠂ ᠬᠠᠤᠯᠢ ᠶᠢᠨ ᠡᠲᠡᠭᠡᠳ ᠦᠨ ᠤᠯᠤᠰ ᠤᠨ ᠪᠦᠷᠢᠳᠬᠡᠯ ᠦᠨ ᠲᠤᠬᠠᠢ ᠬᠠᠤᠯᠢ ᠳᠤ ᠨᠡᠶᠢᠴᠡᠭᠰᠡᠨ ᠭᠡᠵᠦ ᠳᠡᠭᠡᠳᠦ ᠰᠢᠭᠦᠬᠦ ᠦᠵᠡᠵᠦ᠂ ᠳᠡᠭᠡᠷᠡᠬᠢ ᠬᠣᠶᠠᠷ ᠨᠠᠮ ᠢ ᠤᠯᠤᠰ ᠤᠨ ᠪᠦᠷᠢᠳᠬᠡᠯ ᠳᠦ ᠪᠦᠷᠢᠳᠬᠡᠵᠦ᠂ ᠭᠡᠷᠡᠴᠢᠯᠡᠭᠡ ᠣᠯᠭᠤᠬᠤ ᠪᠠᠷ ᠰᠢᠢᠳᠪᠦᠷᠢᠯᠡᠵᠡᠢ᠃ ᠢᠩᠭᠢᠭᠰᠡᠨ ᠢᠶᠡᠷ ᠠᠷᠠᠳ ᠲᠦᠮᠡᠨ ᠦ ᠣᠯᠠᠩᠬᠢ ᠶᠢᠨ ᠵᠠᠰᠠᠭᠯᠠᠯ ᠨᠠᠮ᠂ ᠶᠡᠬᠡ ᠡᠪ ᠨᠠᠮ ᠨᠢ ᠮᠣᠩᠭᠣᠯ ᠤᠯᠤᠰ ᠲᠤ ᠤᠯᠤᠰ ᠲᠥᠷᠥ ᠶᠢᠨ ᠦᠢᠯᠡ ᠠᠵᠢᠯᠯᠠᠭ᠎ᠠ ᠶᠠᠪᠤᠭᠤᠯᠬᠤ ᠡᠷᠬᠡ ᠲᠡᠢ ᠪᠣᠯᠵᠤ ᠪᠠᠶᠢᠭ᠎ᠠ ᠪᠥᠭᠡᠳ ᠦᠨᠳᠦᠰᠦᠨ ᠬᠠᠤᠯᠢ᠂ ᠤᠯᠤᠰ ᠲᠥᠷᠥ ᠶᠢᠨ ᠨᠠᠮ ᠤᠨ ᠲᠤᠬᠠᠢ ᠬᠠᠤᠯᠢ ᠪᠣᠯᠤᠨ ᠪᠤᠰᠤᠳ ᠬᠠᠤᠯᠢ ᠳᠤ ᠨᠡᠶᠢᠴᠡᠭᠦᠯᠵᠦ ᠦᠢᠯᠡ ᠠᠵᠢᠯᠯᠠᠭ᠎ᠠ ᠶᠢ ᠪᠠᠨ ᠶᠠᠪᠤᠭᠤᠯᠬᠤ ᠶᠢ ᠳᠡᠭᠡᠳᠦ ᠰᠢᠭᠦᠬᠦ ᠳᠠᠭᠠᠭᠠᠯᠭᠠᠭᠰᠠᠨ ᠪᠠᠶᠢᠨ᠎ᠠ᠃ ᠠᠷᠠᠳ ᠲᠦᠮᠡᠨ ᠦ ᠣᠯᠠᠩᠬᠢ ᠶᠢᠨ ᠵᠠᠰᠠᠭᠯᠠᠯ ᠨᠠᠮ ᠪᠣᠯᠤᠨ ᠶᠡᠬᠡ ᠡᠪ ᠨᠠᠮ ᠨᠢ ᠤᠯᠤᠰ ᠤᠨ ᠪᠦᠷᠢᠳᠬᠡᠯ ᠳᠦ ᠪᠦᠷᠢᠳᠬᠡᠯ ᠲᠡᠢ ᠬᠤᠷᠢ ᠶᠢᠰᠦ᠂ ᠭᠤᠴᠢᠳᠠᠬᠢ ᠨᠠᠮ ᠪᠣᠯᠵᠤ ᠪᠠᠶᠢᠭ᠎ᠠ ᠶᠤᠮ ᠃

ᠰᠡᠳᠬᠢᠭᠳᠡᠯ ᠦᠯᠡᠳᠡᠭᠡᠬᠦ