ᠬ∙ᠪᠠᠲᠤᠲᠤᠯᠭ᠎ᠠ ᠠᠬᠠᠮᠠᠳ ᠠᠭᠠᠷ ᠤᠨ ᠴᠡᠷᠢᠭ ᠲᠠᠢ ᠠᠭᠤᠯᠵᠠᠪᠠ | News.MN

ᠬ∙ᠪᠠᠲᠤᠲᠤᠯᠭ᠎ᠠ ᠠᠬᠠᠮᠠᠳ ᠠᠭᠠᠷ ᠤᠨ ᠴᠡᠷᠢᠭ ᠲᠠᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠬ∙ᠪᠠᠲᠤᠲᠤᠯᠭ᠎ᠠ ᠵᠡᠪᠰᠡᠭᠲᠦ ᠬᠦᠴᠦᠨ ᠦ ᠠᠭᠠᠷ ᠤᠨ ᠴᠡᠷᠢᠭ ᠦᠨ ᠺᠤᠮᠠᠨᠳᠠᠯᠠᠯ᠂ ᠠᠩᠭᠢ ᠪᠠᠶᠢᠭᠤᠯᠤᠯᠭ᠎ᠠ ᠳᠤ ᠠᠵᠢᠯᠯᠠᠵᠤ ᠪᠠᠶᠢᠭᠰᠠᠨ ᠠᠬᠠᠮᠠᠳ ᠳᠠᠶᠢᠴᠢᠳ ᠢ ᠬᠦᠰᠡᠯᠲᠡ ᠶᠢᠨ ᠬᠢᠨᠢ ᠳᠠᠭᠠᠤ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠵᠡᠪᠰᠡᠭᠲᠦ ᠬᠦᠴᠦᠨ ᠦ ᠠᠭᠠᠷ ᠤᠨ ᠴᠡᠷᠢᠭ ᠦᠨ ᠺᠤᠮᠠᠨᠳᠠᠯᠠᠯ ᠠᠩᠭᠢ ᠪᠠᠶᠢᠭᠤᠯᠤᠯᠭ᠎ᠠ ᠳᠤ ᠠᠵᠢᠯᠯᠠᠵᠤ ᠪᠠᠶᠢᠭᠰᠠᠨ ᠠᠬᠠᠮᠠᠳ ᠳᠠᠶᠢᠴᠢᠳ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠶᠢᠯᠡᠭᠡᠳ᠂ ᠠᠭᠠᠷ ᠤᠨ ᠣᠷᠣᠨ ᠵᠠᠢ᠂ ᠬᠠᠮᠠᠭᠠᠯᠠᠯᠲᠠ᠂ ︽ᠬᠢᠯᠢ ᠶᠢᠨ ᠲᠤᠬᠠᠢ︾ ᠬᠠᠤᠯᠢ ᠵᠡᠷᠭᠡ ᠰᠡᠳᠦᠪ ᠦᠨ ᠬᠦᠷᠢᠶᠡᠨ ᠳᠦ ᠥᠪᠡᠷᠰᠡᠳ ᠦᠨ ᠰᠠᠨᠠᠯ ᠪᠣᠳᠣᠯ ᠢ ᠢᠯᠡᠷᠬᠡᠶᠢᠯᠡᠵᠦ᠂ ᠶᠠᠷᠢᠯᠴᠠᠯ᠎ᠠ᠃ ᠮᠥᠨ ᠳᠡᠭᠡᠷᠡᠬᠢ ᠠᠰᠠᠭᠤᠳᠠᠯ ᠤᠨ ᠬᠦᠷᠢᠶᠡᠨ ᠳᠦ ᠠᠩᠬᠠᠷᠬᠤ᠂ ᠰᠢᠨᠡᠳᠭᠡᠬᠦ ᠶᠣᠰᠣᠲᠠᠢ ᠭᠡᠵᠦ ᠦᠵᠡᠵᠦ ᠪᠤᠢ ᠰᠠᠨᠠᠯ ᠢᠶᠠᠨ ᠨᠢᠭᠡᠳᠬᠡᠵᠦ᠂ ᠶᠡᠷᠦᠩᠬᠡᠶᠢᠯᠡᠭᠴᠢ ᠳᠤ ᠤᠯᠠᠮᠵᠢᠯᠠᠪᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2018-12-25 66.181.165.212

Монгол Улс