︽ᠴᠠᠬᠢᠮ ᠡᠷᠡᠨ ᠳᠦ ᠴᠠᠬᠢᠮ ᠲᠥᠯᠥᠪᠦᠷᠢ ᠲᠣᠭᠠᠴᠠᠭ᠎ᠠ︾ ᠠᠶᠠᠨ ᠪᠤᠯᠪᠠ | News.MN

︽ᠴᠠᠬᠢᠮ ᠡᠷᠡᠨ ᠳᠦ ᠴᠠᠬᠢᠮ ᠲᠥᠯᠥᠪᠦᠷᠢ ᠲᠣᠭᠠᠴᠠᠭ᠎ᠠ︾ ᠠᠶᠠᠨ ᠪᠤᠯᠪᠠ

ᠮᠣᠩᠭᠣᠯ ᠪᠠᠩᠭᠢ ᠠᠴᠠ ᠰᠠᠨᠠᠭᠠᠴᠢᠯᠠᠨ ︽ᠴᠠᠬᠢᠮ ᠡᠷᠡᠨ ᠳᠦ ᠴᠠᠬᠢᠮ ᠲᠥᠯᠥᠪᠦᠷᠢ ᠲᠣᠭᠠᠴᠠᠭ᠎ᠠ︾ ᠠᠶᠠᠨ ᠢ ᠬᠣᠶᠠᠷ ᠰᠠᠷ᠎ᠠ ᠶᠢᠨ ᠬᠤᠭᠤᠴᠠᠭᠠᠨ ᠳᠤ ᠬᠡᠷᠡᠭᠵᠢᠭᠦᠯᠵᠦ ᠥᠴᠥᠭᠡᠳᠦᠷ ᠬᠠᠭᠠᠯᠲᠠ ᠪᠠᠨ ᠬᠢᠯ᠎ᠡ᠃ ᠡᠨᠡ ᠬᠤᠭᠤᠴᠠᠭᠠᠨ ᠳᠤ ᠰᠠᠩᠬᠦᠦ ᠶᠢᠨ ᠦᠢᠯᠡᠴᠢᠯᠡᠭᠡ ᠶᠢ ᠴᠠᠬᠢᠮᠵᠢᠭᠤᠯᠬᠤ᠂ ᠮᠡᠳᠡᠭᠡᠯᠡᠯ ᠦᠨ ᠲᠧᠭᠨᠣᠯᠣᠭᠢ ᠶᠢᠨ ᠬᠤᠷᠳᠤᠴᠠ ᠲᠠᠢ ᠬᠦᠭᠵᠢᠯ ᠳᠦ ᠲᠦᠰᠢᠭᠯᠡᠨ ᠲᠥᠯᠥᠪᠦᠷᠢ ᠲᠣᠭᠠᠴᠠᠭ᠎ᠠ ᠶᠢ ᠬᠤᠷᠳᠤᠨ ᠰᠢᠭᠤᠷᠬᠠᠢ ᠭᠦᠢᠴᠡᠳᠭᠡᠬᠦ᠂ ᠮᠣᠩᠭᠣᠯ ᠤᠯᠤᠰ ᠤᠨ ᠲᠥᠯᠥᠪᠦᠷᠢ ᠶᠢᠨ ᠰᠢᠰᠲ᠋ᠧᠮ ᠦᠨ ᠦᠢᠯᠡ ᠠᠵᠢᠯᠯᠠᠭ᠎ᠠ᠂ ᠡᠷᠬᠡ ᠵᠦᠢ ᠶᠢᠨ ᠵᠣᠬᠢᠴᠠᠭᠤᠯᠤᠯᠲᠠ᠂ ᠴᠢᠨᠠᠭᠰᠢᠳᠠ ᠶᠢᠨ ᠬᠥᠭᠵᠢᠯ ᠦᠨ ᠲᠠᠯ᠎ᠠ ᠪᠠᠷ ᠣᠯᠠᠨ ᠨᠡᠶᠢᠲᠡ ᠳᠦ ᠰᠤᠷᠲᠠᠯᠴᠢᠯᠠᠨ ᠲᠠᠨᠢᠭᠤᠯᠬᠤ᠂ ᠢᠷᠭᠡᠳ ᠦᠨ ᠰᠠᠩᠬᠦᠦ ᠶᠢᠨ ᠪᠣᠯᠪᠠᠰᠤᠷᠠᠯ ᠢ ᠨᠡᠮᠡᠭᠳᠡᠭᠦᠯᠬᠦ ᠳᠦ ᠴᠢᠭᠯᠡᠭᠰᠡᠨ ᠣᠯᠠᠨ ᠲᠥᠷᠥᠯ ᠦᠨ ᠠᠵᠢᠯ ᠢ ᠠᠮᠵᠢᠯᠲᠠᠲᠠᠢ ᠵᠣᠬᠢᠶᠠᠨ ᠪᠠᠶᠢᠭᠤᠯᠤᠯ᠎ᠠ ᠬᠡᠮᠡᠨ ᠲᠦᠪ ᠪᠠᠩᠭᠢ ᠶᠢᠨ ᠤᠳᠤᠷᠢᠳᠤᠯᠭ᠎ᠠ ᠨᠠᠷ ᠣᠨᠴᠠᠯᠠᠵᠤ ᠪᠠᠶᠢᠨ᠎ᠠ᠃ ᠰᠠᠩᠬᠦᠦ ᠶᠢᠨ ᠲᠣᠭᠲᠠᠪᠤᠷᠢᠲᠠᠢ ᠪᠠᠶᠢᠳᠠᠯ ᠤᠨ ᠵᠥᠪᠯᠡᠯ ᠡᠴᠡ 2016 ᠣᠨ ᠳᠤ ᠪᠠᠲᠤᠯᠠᠭᠰᠠᠨ ︽ᠮᠣᠩᠭᠣᠯ ᠤᠯᠤᠰ ᠤᠨ ᠦᠨᠳᠦᠰᠦᠨ ᠦ ᠲᠥᠯᠥᠪᠦᠷᠢ ᠶᠢᠨ ᠰᠢᠰᠲ᠋ᠧᠮ ᠢ ᠬᠥᠭᠵᠢᠭᠦᠯᠬᠦ ᠰᠲᠷᠠᠲ᠋ᠧᠭᠢ︾ ᠶᠢᠨ  ᠲᠣᠮᠣᠬᠠᠨ ᠵᠣᠷᠢᠯᠲᠠ ᠶᠢᠨ ᠨᠢᠭᠡ ᠨᠢ ︽ᠬᠠᠤᠯᠢ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ︾ ᠶᠠᠪᠤᠳᠠᠯ ᠪᠠᠶᠢᠪᠠ᠃ ᠲᠡᠶᠢᠮᠦ ᠡᠴᠡ ᠮᠣᠩᠭᠣᠯ ᠪᠠᠩᠭᠢ ᠠᠴᠠ ᠪᠣᠯᠪᠠᠰᠤᠷᠠᠭᠤᠯᠤᠨ ︽ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ ᠲᠤᠬᠠᠢ︾ ᠬᠠᠤᠯᠢ ᠶᠢ ᠪᠠᠲᠤᠯᠠᠭᠤᠯᠵᠤ᠂ 2018 ᠣᠨ ᠤ ᠨᠢᠭᠡᠳᠦᠭᠡᠷ ᠰᠠᠷ᠎ᠠ ᠠᠴᠠ ᠬᠡᠷᠡᠭᠵᠢᠭᠦᠯᠵᠦ ᠡᠬᠢᠯᠡᠭᠰᠡᠨ ᠪᠥᠭᠡᠳ ᠠᠶᠠᠨ ᠤ ᠬᠦᠷᠢᠶᠡᠨ ᠳᠦ ᠬᠠᠤᠯᠢ ᠶᠢᠨ ᠳᠠᠭᠠᠯᠳᠤᠬᠤ ᠵᠢᠷᠤᠮ ᠳᠦᠷᠢᠮ ᠢ ᠰᠢᠨᠡᠴᠢᠯᠡᠨ ᠪᠠᠲᠤᠯᠠᠵᠤ᠂ ᠪᠠᠩᠭᠢ ᠠᠴᠠ ᠪᠤᠰᠤᠳ ᠪᠠᠶᠢᠭᠤᠯᠤᠯᠭ᠎ᠠ ᠳᠤ ᠲᠥᠯᠥᠪᠦᠷᠢ ᠶᠢᠨ ᠰᠢᠰᠲ᠋ᠧᠮ ᠦᠨ ᠣᠷᠣᠯᠴᠠᠭᠴᠢ ᠪᠣᠯᠬᠤ ᠪᠣᠯᠤᠯᠴᠠᠭ᠎ᠠ ᠶᠢ ᠪᠤᠢ ᠪᠣᠯᠭᠠᠵᠠᠢ᠃
ᠠᠶᠠᠨ ᠤ ᠬᠦᠷᠢᠶᠡᠨ ᠳᠦ ᠨᠢᠭᠡ ᠲᠠᠯ᠎ᠠ ᠠᠴᠠ ᠢᠷᠭᠡᠳ᠂ ᠬᠠᠷᠢᠯᠴᠠᠭᠴᠢ ᠮᠣᠩᠭᠣᠯ ᠤᠯᠤᠰ ᠤᠨ ᠦᠨᠳᠦᠰᠦᠨ ᠦ ᠲᠥᠯᠥᠪᠦᠷᠢ ᠶᠢᠨ ᠰᠢᠰᠲ᠋ᠧᠮ᠂ ᠹᠢᠨᠲ᠋ᠧᠺ ᠤᠨ ᠬᠥᠭᠵᠢᠯ᠂ ᠪᠡᠯᠡᠨ ᠪᠤᠰᠤ ᠲᠥᠯᠥᠪᠦᠷᠢ ᠶᠢᠨ ᠬᠡᠷᠡᠭᠰᠡᠯ᠂ ᠴᠠᠬᠢᠮ ᠲᠥᠯᠥᠪᠦᠷᠢ ᠲᠣᠭᠠᠴᠠᠭᠠᠨ ᠤ ᠲᠠᠯ᠎ᠠ ᠪᠠᠷ ᠨᠢᠭᠡᠳᠦᠭᠰᠡᠨ ᠤᠶᠢᠯᠠᠭᠠᠯᠲᠠ ᠳᠤ ᠬᠦᠷᠬᠦ᠂ ᠨᠥᠭᠥᠭᠡ ᠲᠠᠯ᠎ᠠ ᠠᠴᠠ ᠲᠥᠯᠥᠪᠦᠷᠢ ᠶᠢᠨ ᠰᠢᠰᠲ᠋ᠧᠮ ᠦᠨ ᠣᠷᠣᠯᠴᠠᠭᠴᠢ ᠬᠣᠭᠣᠷᠣᠨᠳᠣ ᠶᠢᠨ ᠦᠢᠯᠡ ᠠᠵᠢᠯᠯᠠᠭ᠎ᠠ ᠶᠢ ᠢᠳᠡᠪᠬᠢᠵᠢᠭᠦᠯᠬᠦ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ᠂ ᠡᠷᠬᠡ ᠵᠦᠢ ᠶᠢᠨ ᠣᠷᠴᠢᠨ ᠢ ᠲᠠᠨᠢᠭᠤᠯᠬᠤ᠂ ᠣᠯᠠᠨ ᠨᠡᠶᠢᠲᠡ ᠶᠢᠨ ᠰᠦᠯᠵᠢᠶ᠎ᠡ ᠪᠡᠷ ᠢᠷᠭᠡᠳ ᠦᠨ ᠰᠠᠩᠬᠦᠦ ᠶᠢᠨ ᠪᠣᠯᠪᠠᠰᠤᠷᠠᠯ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠪᠴᠤ ᠬᠡᠷᠡᠭᠵᠢᠭᠦᠯᠦᠭᠰᠡᠨ ᠨᠢ ᠰᠠᠩᠬᠦᠦ ᠶᠢᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠳᠤ ᠳᠡᠮᠵᠢᠯᠭᠡ ᠪᠣᠯᠤᠭᠰᠠᠨ ᠭᠡᠵᠦ ᠦᠵᠡᠵᠦ ᠪᠠᠶᠢᠨ᠎ᠠ᠃ ᠣᠷᠣᠨ ᠳᠠᠶᠠᠭᠠᠷ ᠬᠡᠷᠡᠭᠵᠢᠭᠦᠯᠦᠭᠰᠡᠨ ᠡᠨᠡᠬᠦ ᠠᠶᠠᠨ ᠳᠤ ᠮᠣᠩᠭᠣᠯ ᠤᠨ ᠪᠠᠩᠭᠢ ᠶᠢᠨ ᠬᠣᠯᠪᠣᠭᠠᠨ ᠤ ᠨᠢᠭᠡᠳᠦᠭᠰᠡᠨ ᠵᠣᠬᠢᠶᠠᠨ ᠪᠠᠶᠢᠭᠤᠯᠤᠯᠲᠠ ᠪᠠᠷ ᠠᠷᠠᠯᠵᠢᠶᠠᠨ ᠤ ᠪᠠᠩᠬᠢ ᠨᠤᠭᠤᠳ ᠢᠳᠡᠪᠬᠢ ᠰᠠᠨᠠᠭᠠᠴᠢᠯᠭ᠎ᠠ ᠲᠠᠢ ᠣᠷᠣᠯᠴᠠᠨ ᠬᠡᠷᠡᠭᠯᠡᠭᠴᠢ᠂ ᠬᠠᠷᠢᠯᠴᠠᠭᠴᠢᠳ ᠲᠤ ᠵᠣᠷᠢᠭᠤᠯᠤᠭᠰᠠᠨ ᠠᠭᠤᠯᠵᠠᠯᠲᠠ᠂ ᠰᠤᠷᠭᠠᠯᠲᠠ᠂ ᠡᠳᠦᠷᠯᠢᠭ᠂ ᠰᠤᠷᠲᠠᠯᠴᠢᠯᠠᠭ᠎ᠠ ᠶᠢ ᠵᠣᠬᠢᠶᠠᠨ ᠪᠠᠶᠢᠭᠤᠯᠵᠤ᠂ ᠴᠠᠬᠢᠮ ᠲᠥᠯᠥᠪᠦᠷᠢ ᠶᠢᠨ ᠬᠡᠷᠡᠭᠰᠡᠯ᠂ ᠪᠦᠲᠦᠭᠡᠭᠳᠡᠬᠦᠨ᠂ ᠦᠢᠯᠡᠴᠢᠯᠡᠭᠡᠨ ᠦ ᠬᠥᠩᠭᠡᠯᠡᠯᠲᠡ ᠤᠷᠮᠠᠰᠢᠭᠤᠯᠤᠯ ᠢ ᠦᠵᠡᠭᠦᠯᠪᠡ᠃

ᠰᠡᠳᠬᠢᠭᠳᠡᠯ ᠦᠯᠡᠳᠡᠭᠡᠬᠦ