ᠶᠡᠭᠡ ᠬᠤᠷᠠᠯ ᠤᠨ ᠭᠡᠰᠢᠭᠦᠳ ᠡᠮᠦᠨᠡᠳᠦ ᠰᠣᠯᠣᠩᠭᠣᠰ ᠲᠤ ᠠᠵᠢᠯᠯᠠᠯ᠎ᠠ | News.MN

ᠶᠡᠭᠡ ᠬᠤᠷᠠᠯ ᠤᠨ ᠭᠡᠰᠢᠭᠦᠳ ᠡᠮᠦᠨᠡᠳᠦ ᠰᠣᠯᠣᠩᠭᠣᠰ ᠲᠤ ᠠᠵᠢᠯᠯᠠᠯ᠎ᠠ

ᠤᠯᠤᠰ ᠤᠨ ᠶᠡᠬᠡ ᠬᠤᠷᠠᠯ ᠦᠨ ᠭᠡᠰᠢᠭᠦᠨ᠂ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠳ᠂ ᠯᠦᠩᠳᠡᠭᠵᠡᠯᠰᠡᠨ᠂ ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠤᠨ ᠶᠡᠬᠡ ᠬᠤᠷᠠᠯ ᠳ᠋ᠡᠬᠢ  ᠠᠷᠠᠳᠴᠢᠯᠠᠭᠰᠠᠨ ᠨᠠᠮ ᠤᠨ ᠪᠦᠯᠦᠭ ᠦᠨ ᠳᠠᠷᠤᠭ᠎ᠠ ᠳ∙ᠡᠷᠳᠡᠨᠢᠪᠠᠲᠤ᠂ ᠤᠯᠤᠰ ᠤᠨ ᠶᠡᠬᠡ ᠬᠤᠷᠠᠯ ᠶᠢᠨ ᠭᠡᠰᠢᠭᠦᠨ ᠼ∙ᠮᠦᠩᠬᠡᠠᠤᠷᠭᠢᠯ ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠡᠳ᠋ ᠳᠠᠷᠤᠭ᠎ᠠ ᠤ᠊∙ᠪᠢᠮᠪᠠᠰᠦ᠋ᠷᠦᠩ᠂ ᠥᠪᠦᠷᠬᠠᠩᠭᠠᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠠ᠊∙ᠢᠰᠢᠳᠣᠷᠵᠢ ᠪᠣᠯᠤᠨ ᠪᠤᠰᠤᠳ ᠠᠯᠪᠠᠨ ᠤ ᠬᠦᠮᠦᠰ 2018 ᠣᠨ ᠤ 12 ᠳ᠋ᠤᠭᠠᠷ ᠰᠠᠷ᠎ᠠ ᠶᠢᠨ 17- 18 ᠤ ᠡᠳᠦᠷ ᠦᠳ ᠲᠦ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠨᠡᠶᠢᠲᠡ ᠶᠢᠨ ᠰᠣᠨᠣᠰᠬᠠᠯ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠲᠤᠷᠰᠢᠯᠭ᠎ᠠ ᠰᠤᠳᠤᠯᠤᠯ᠎ᠠ᠃
ᠲᠥᠯᠥᠭᠡᠯᠡᠭᠴᠢᠳ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠭᠡᠰᠢᠭᠦᠨ᠂ ᠰᠣᠯᠣᠩᠭᠣᠰ ᠮᠣᠩᠭᠣᠯ ᠤᠨ ᠨᠠᠶᠢᠷᠠᠮᠳᠠᠯ ᠤᠨ ᠪᠦᠯᠦᠭ ᠦᠨ ᠳᠠᠷᠤᠭ᠎ᠠ ᠺᠠᠩ ᠴᠠᠩ ᠯᠢ᠂ ᠳᠡᠳ᠋ ᠳᠠᠷᠤᠭ᠎ᠠ ᠺᠢᠮ ᠳ᠋ᠤᠤ ᠭᠸᠸᠨ ᠪᠣᠯᠤᠨ ᠠᠯᠪᠠᠨ ᠤ ᠪᠤᠰᠤᠳ ᠬᠦᠮᠦᠰ ᠲᠡᠢ ᠠᠭᠤᠯᠵᠠᠵᠤ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠪᠣᠯᠤᠨ ᠴᠢᠨᠠᠭᠰᠢᠳᠠ ᠠᠪᠴᠤ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯ᠎ᠠ ᠪᠠᠷ ᠰᠠᠨᠠᠯ ᠰᠤᠯᠢᠯᠴᠠᠪᠠ᠃ ᠲᠡᠳᠡ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠳᠤ ᠢᠷᠭᠡᠳ ᠦᠨ ᠰᠠᠨᠠᠯ ᠬᠦᠰᠡᠯᠲᠡ ᠶᠢ ᠰᠣᠨᠣᠰᠴᠤ᠂ ᠲᠤᠯᠭᠠᠮᠳᠠᠭᠰᠠᠨ ᠠᠰᠠᠭᠤᠳᠠᠯ ᠤᠨ ᠲᠠᠯ᠎ᠠ ᠪᠠᠷ ᠲᠣᠳᠣᠷᠠᠭᠤᠯᠤᠨ᠂ ᠬᠣᠯᠪᠣᠭᠳᠠᠬᠤ ᠪᠠᠶᠢᠭᠤᠯᠤᠯᠭ᠎ᠠ ᠳᠤ ᠤᠯᠠᠮᠵᠢᠯᠠᠬᠤ ᠪᠠᠷ ᠲᠣᠭᠲᠠᠯ᠎ᠠ᠃

ᠰᠡᠳᠬᠢᠭᠳᠡᠯ ᠦᠯᠡᠳᠡᠭᠡᠬᠦ