ᠮᠣᠩᠭᠣᠯ ᠤᠯᠤᠰ ᠤᠨ ᠡᠷᠬᠡ ᠴᠢᠯᠦᠭᠡ᠂ ᠲᠤᠰᠠᠭᠠᠷ ᠲᠣᠭᠲᠠᠨᠢᠯ᠂ ᠦᠨᠳᠦᠰᠦᠨ ᠦ ᠠᠶᠤᠯᠭᠦᠢ ᠪᠠᠶᠢᠳᠠᠯ ᠢ ᠬᠠᠩᠭᠠᠬᠤ ᠳᠤ ᠵᠢᠩ ᠲᠡᠢ ᠬᠤᠪᠢ ᠨᠡᠮᠡᠷᠢ ᠣᠷᠣᠭᠤᠯᠤᠭᠰᠠᠨ ᠬᠤᠷᠢᠳᠤᠭᠠᠷ ᠵᠠᠭᠤᠨ ᠤ ᠲᠡᠦᠬᠡᠨ ᠦᠢᠯᠡ ᠶᠠᠪᠤᠳᠠᠯ ᠤᠨ ᠨᠢᠭᠡ ᠬᠠᠯᠬ᠎ᠠ ᠶᠢᠨ ᠭᠣᠣᠯ ᠤᠨ ᠪᠠᠶᠢᠯᠳᠤᠭᠠᠨ ᠤ ᠢᠯᠠᠯᠲᠠ ᠶᠢᠨ 80 ᠵᠢᠯ ᠦᠨ ᠣᠢ 2019 ᠣᠨ ᠳᠤ ᠲᠣᠬᠢᠶᠠᠨ᠎ᠠ᠃ ᠵᠠᠰᠠᠭ ᠤᠨ ᠭᠠᠵᠠᠷ ᠤᠨ ᠲᠣᠭᠲᠠᠭᠠᠯ ᠢᠶᠠᠷ ᠣᠢ ᠳᠤ ᠪᠡᠯᠡᠳᠬᠡᠬᠦ᠂ ᠵᠣᠬᠢᠶᠠᠨ ᠪᠠᠶᠢᠭᠤᠯᠬᠤ ᠬᠣᠷᠢᠶ᠎ᠠ ᠪᠠᠶᠢᠭᠤᠯᠤᠭᠰᠠᠨ ᠪᠥᠭᠡᠳ ᠲᠤᠰ ᠬᠣᠷᠢᠶᠠᠨ ᠤ ᠳᠠᠷᠤᠭ᠎ᠠ ᠪᠠᠷ ᠮᠣᠩᠭᠣᠯ ᠤᠯᠤᠰ ᠤᠨ ᠰᠢᠳᠠᠷ ᠰᠠᠶᠢᠳ ᠥ᠊∙ᠡᠩᠬᠡᠲᠦ᠋ᠪᠰᠢᠨ᠂ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠨᠠᠷ ᠲᠣᠮᠢᠯᠠᠭᠳᠠᠭᠠᠳ ᠠᠵᠢᠯᠯᠠᠵᠤ ᠪᠠᠶᠢᠨ᠎ᠠ᠃ ᠵᠣᠬᠢᠶᠠᠨ ᠪᠠᠶᠢᠭᠤᠯᠬᠤ ᠬᠣᠷᠢᠶᠠᠨ ᠤ ᠥᠷᠭᠡᠳᠬᠡᠭᠰᠡᠨ ᠬᠤᠷᠠᠯ ᠥᠨᠥᠳᠥᠷ ᠪᠣᠯᠤᠯ᠎ᠠ᠃
ᠡᠮᠦᠨ᠎ᠡ ᠨᠢ ᠰᠢᠳᠠᠷ ᠰᠠᠶᠢᠳ ᠤᠨ ᠲᠤᠰᠢᠶᠠᠯ ᠢᠶᠠᠷ ᠵᠣᠬᠢᠶᠠᠨ ᠪᠠᠶᠢᠭᠤᠯᠤᠯᠲᠠ᠂ ᠰᠤᠶᠤᠯ ᠤᠷᠠᠯᠢᠭ᠂ ᠭᠠᠳᠠᠭᠠᠳᠤ ᠠᠷᠭ᠎ᠠ ᠬᠡᠮᠵᠢᠶ᠎ᠡ᠂ ᠬᠡᠪᠯᠡᠯ ᠮᠡᠳᠡᠭᠡᠯᠡᠯ ᠰᠤᠷᠲᠠᠯᠴᠢᠯᠠᠭᠠᠨ ᠤ ᠠᠰᠠᠭᠤᠳᠠᠯ ᠬᠠᠷᠢᠭᠤᠴᠠᠭᠰᠠᠨ ᠳᠥᠷᠪᠡᠨ ᠳᠡᠳ᠋ ᠠᠵᠢᠯ ᠤᠨ ᠬᠡᠰᠡᠭ ᠪᠠᠶᠢᠭᠤᠯᠤᠭᠰᠠᠨ ᠪᠦᠭᠡᠳ ᠣᠨ ᠤ ᠡᠬᠢᠨ ᠡᠴᠡ ᠠᠵᠢᠯ ᠳᠤ ᠪᠠᠨ ᠰᠢᠭᠤᠷᠬᠠᠢ ᠣᠷᠣᠬᠤ ᠶᠢ ᠰᠢᠳᠠᠷ ᠰᠠᠶᠢᠳ ᠥ᠊∙ᠡᠩᠬᠡᠲᠦᠪᠰᠢᠨ ᠡᠭᠦᠷᠭᠡ ᠪᠣᠯᠭᠠᠯ᠎ᠠ᠃ ᠡᠨᠡᠬᠦ ᠲᠡᠦᠬᠡᠨ ᠣᠢ ᠶᠢ ᠬᠠᠮᠲᠤᠷᠠᠨ ᠲᠡᠮᠳᠡᠭᠯᠡᠬᠦ ᠪᠡᠷ ᠣᠷᠣᠰ ᠤᠨ ᠲᠠᠯ᠎ᠠ ᠲᠠᠢ ᠶᠠᠷᠢᠯᠴᠠᠵᠤ᠂ ᠳᠣᠷᠣᠨᠠᠲᠤ ᠠᠶᠢᠮᠠᠭ ᠤᠨ ᠬᠠᠯᠬ᠎ᠠ ᠭᠤᠤᠯ ᠰᠤᠮᠤ ᠶᠢ ᠵᠢᠱᠢᠭ ᠰᠤᠮᠤ ᠪᠣᠯᠭᠠᠬᠤ ᠠᠵᠢᠯ ᠡᠬᠢᠯᠡᠭᠡᠳ ᠶᠠᠪᠤᠵᠤ ᠪᠠᠶᠢᠨ᠎ᠠ᠃ ᠮᠥᠨ ᠣᠷᠣᠰ ᠤᠨ ᠠᠷᠮᠢ ᠶᠢᠨ ᠠᠯᠸᠺᠰᠠᠨᠳᠠᠷᠤᠪ ᠤᠨ ᠨᠡᠷᠡᠮᠵᠢᠲᠦ ᠳᠠᠭᠤᠤ ᠪᠦᠵᠢᠭ ᠦᠨ ᠴᠢᠭᠤᠯᠭ᠎ᠠ ᠶᠢᠨ ᠲᠣᠭᠯᠠᠯᠲᠠ ᠶᠢ ᠮᠣᠩᠭᠣᠯ ᠳᠤ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠶᠤᠮ ᠪᠠᠶᠢᠨ᠎ᠠ ᠃