︽ᠮᠣᠩᠭᠣᠯ ᠤᠨ ᠬᠥᠷᠥᠩᠭᠡ ᠶᠢᠨ ᠪᠢᠷᠵᠢ︾ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠶᠢᠨ ᠲᠥᠯᠥᠭᠡᠯᠡᠨ ᠤᠳᠤᠷᠢᠳᠬᠤ ᠵᠥᠪᠯᠡᠯ ᠦᠨ 2018 ᠣᠨ ᠤ 10 ᠳ᠋ᠤᠭᠠᠷ ᠰᠠᠷ᠎ᠠ ᠶᠢᠨ 26 ᠤ ᠡᠳᠦᠷ ᠦᠨ ᠲᠣᠭᠲᠠᠭᠠᠯ ᠢᠶᠠᠷ ᠰᠢᠨᠡᠴᠢᠯᠡᠨ ᠪᠠᠲᠤᠯᠠᠭᠳᠠᠭᠰᠠᠨ ︽ᠦᠨᠡᠲᠦ ᠴᠠᠭᠠᠰᠤᠨ ᠤ ᠠᠩᠬᠠᠳᠠᠭᠴᠢ ᠵᠠᠬ᠎ᠠ ᠵᠡᠭᠡᠯᠢ ᠶᠢᠨ ᠠᠷᠠᠯᠵᠢᠶᠠᠨ ᠤ ᠵᠢᠷᠤᠮ︾ ᠢ 2018 ᠣᠨ ᠤ 12 ᠳ᠋ᠤᠭᠠᠷ ᠰᠠᠷ᠎ᠠ ᠶᠢᠨ 24᠍ ᠦ ᠡᠳᠦᠷ ᠰᠠᠩᠬᠦᠦ ᠶᠢᠨ ᠵᠣᠬᠢᠴᠠᠭᠤᠯᠬᠤ ᠬᠣᠷᠢᠶ᠎ᠠ ᠪᠠᠲᠤᠯᠠᠮᠵᠢᠯᠠᠭᠰᠠᠨ ᠢᠶᠠᠷ ᠲᠤᠰ ᠵᠢᠷᠤᠮ ᠢ 12 ᠳ᠋ᠤᠭᠠᠷ ᠰᠠᠷ᠎ᠠ ᠶᠢᠨ 24 ᠦ ᠡᠳᠦᠷ ᠡᠴᠡ ᠮᠥᠷᠳᠡᠵᠦ ᠡᠬᠢᠯᠡᠯ᠎ᠡ᠃
ᠡᠨᠡᠬᠦ ᠰᠢᠨᠡᠴᠢᠯᠡᠨ ᠪᠠᠲᠤᠯᠠᠭᠳᠠᠭᠰᠠᠨ ᠵᠢᠷᠤᠮ ᠨᠢ ᠬᠥᠷᠥᠩᠭᠡ ᠣᠷᠣᠭᠤᠯᠤᠭᠴᠢᠳ ᠠᠴᠠ ᠵᠠᠬᠢᠶᠠᠯᠠᠭ᠎ᠠ ᠬᠦᠯᠢᠶᠡᠨ ᠠᠪᠬᠤ ᠠᠷᠭ᠎ᠠ ᠲᠤᠰ ᠪᠦᠷᠢ ᠶᠢᠨ ᠣᠨᠴᠠᠯᠢᠭ ᠢ ᠬᠠᠷᠠᠭᠠᠯᠵᠠᠨ ᠦᠨ᠎ᠡ ᠲᠣᠭᠲᠠᠭᠠᠬᠤ᠂ ᠬᠤᠪᠢᠶᠠᠷᠢᠯᠠᠯᠲᠠ ᠬᠢᠬᠦ ᠵᠠᠷᠴᠢᠮ ᠢ ᠣᠯᠠᠨ ᠤᠯᠤᠰ ᠤᠨ ᠨᠡᠶᠢᠲᠡᠯᠢᠭ ᠵᠢᠱᠢᠭ ᠲᠦ ᠨᠡᠶᠢᠴᠡᠭᠦᠯᠦᠭᠰᠡᠨ ᠦ ᠵᠡᠷᠭᠡᠴᠡᠭᠡ ᠪᠤᠰᠤᠳ ᠵᠢᠷᠤᠮ ᠤᠳ ᠲᠠᠢ ᠳᠠᠪᠬᠤᠴᠠᠭᠰᠠᠨ ᠵᠣᠬᠢᠴᠠᠭᠤᠯᠤᠯᠲᠠ ᠨᠤᠭᠤᠳ ᠢ ᠬᠠᠰᠤᠵᠤ᠂ ᠫᠷᠠᠺᠲ᠋ᠢᠭ ᠬᠡᠷᠡᠭᠯᠡᠭᠡᠨ ᠳᠦ ᠨᠡᠶᠢᠴᠡᠭᠦᠯᠬᠦ ᠥᠭᠡᠷᠡᠴᠢᠯᠡᠯᠲᠡ ᠨᠦᠭᠦᠳ ᠢ ᠣᠷᠣᠭᠤᠯᠤᠭᠰᠠᠨ ᠪᠣᠯᠤᠨ᠎ᠠ᠃ ᠲᠤᠬᠠᠶᠢᠯᠠᠪᠠᠯ᠂ ᠲᠤᠬᠠᠢ ᠶᠢᠨ ᠨᠡᠶᠢᠲᠡ ᠳᠦ ᠰᠠᠨᠠᠯ ᠪᠣᠯᠭᠠᠵᠤ ᠪᠤᠢ ᠦᠨᠡᠲᠦ ᠴᠠᠭᠠᠰᠤᠨ ᠤ 50 ᠬᠦᠷᠲᠡᠯᠡᠬᠢ ᠬᠤᠪᠢ ᠶᠢ ᠰᠲᠷᠠᠲ᠋ᠧᠭᠢ ᠶᠢᠨ ᠬᠥᠷᠥᠩᠭᠡ ᠣᠷᠣᠭᠤᠯᠤᠭᠴᠢᠳ ᠬᠤᠪᠢᠶᠠᠷᠢᠯᠠᠬᠤ ᠡᠷᠬᠡ ᠶᠢ ᠠᠨᠳ᠋ᠸᠷᠠᠶᠢᠲᠸᠷ ᠲᠦ ᠣᠯᠭᠣᠬᠤ᠂ ᠲᠣᠭᠲᠠᠭᠠᠭᠰᠠᠨ ᠦᠨ᠎ᠡ ᠶᠢᠨ ᠠᠷᠭ᠎ᠠ ᠶᠢᠨ ᠦᠶ᠎ᠡ ᠳᠦ ᠬᠠᠷᠢᠯᠴᠠᠭᠴᠢ ᠶᠢᠨ ᠵᠠᠬᠢᠶᠠᠯᠠᠭ᠎ᠠ ᠶᠢ ᠨᠢᠭᠡ ᠦᠨ᠎ᠡ ᠶᠢᠨ ᠲᠦᠪᠰᠢᠨ ᠳᠦ ᠬᠦᠯᠢᠶᠡᠨ ᠠᠪᠴᠤ᠂ ᠬᠤᠪᠢᠶᠠᠷᠢᠯᠠᠯᠲᠠ ᠶᠢ ᠵᠥᠪᠬᠡᠨ ᠬᠤᠪᠢ ᠲᠡᠩᠴᠡᠭᠦᠯᠬᠦ ᠠᠷᠭ᠎ᠠ ᠪᠠᠷ ᠬᠢᠵᠦ᠂ ᠵᠢᠵᠢᠭ ᠬᠥᠷᠥᠩᠭᠡ ᠣᠷᠣᠭᠤᠯᠤᠭᠴᠢᠳ ᠢ ᠳᠡᠮᠵᠢᠬᠦ᠂ ᠳᠠᠭᠤᠳᠠᠯᠭ᠎ᠠ ᠬᠤᠳᠠᠯᠳᠤᠭᠠᠨ ᠤ ᠦᠶ᠎ᠡ ᠳᠦ ᠵᠠᠬᠢᠶᠠᠯᠠᠭ᠎ᠠ ᠪᠦᠷᠢᠳᠬᠡᠬᠦ ᠬᠤᠭᠤᠴᠠᠭ᠎ᠠ ᠶᠢ ᠤᠷᠲᠤᠰᠬᠠᠬᠤ ᠵᠡᠷᠭᠡ ᠨᠡᠮᠡᠯᠲᠡ ᠥᠭᠡᠷᠡᠴᠢᠯᠡᠯᠲᠡ ᠨᠦᠭᠦᠳ ᠡᠭᠦᠨ ᠳᠦ ᠪᠠᠭᠲᠠᠭᠰᠠᠨ ᠶᠤᠮ᠃