ᠸᠠᠯᠢᠶᠤᠲ ᠤᠨ ᠨᠥᠭᠡᠴᠡ 3.4 ᠲᠡᠷᠪᠤᠮ ᠳ᠋ᠣᠯᠯᠠᠷ ᠲᠤ ᠬᠦᠷᠴᠡᠢ | News.MN

ᠸᠠᠯᠢᠶᠤᠲ ᠤᠨ ᠨᠥᠭᠡᠴᠡ 3.4 ᠲᠡᠷᠪᠤᠮ ᠳ᠋ᠣᠯᠯᠠᠷ ᠲᠤ ᠬᠦᠷᠴᠡᠢ

ᠮᠣᠩᠭᠣᠯ ᠤᠯᠤᠰ ᠤᠨ ᠭᠠᠳᠠᠭᠠᠳᠤ ᠸᠠᠯᠢᠶᠤᠲ ᠤᠨ ᠨᠥᠭᠡᠴᠡ 3.4 ᠲᠡᠷᠪᠤᠮ ᠳ᠋ᠣᠯᠯᠠᠷ ᠲᠤ ᠬᠦᠷᠴᠡᠢ᠃ ᠡᠨᠡ ᠨᠢ ᠰᠡᠭᠦᠯ ᠦᠨ ᠵᠢᠷᠭᠤᠭᠠᠨ ᠵᠢᠯ ᠦᠨ ᠳᠡᠭᠡᠳᠦ ᠬᠡᠮᠵᠢᠶᠡᠨ ᠳᠦ ᠣᠴᠢᠭᠰᠠᠨ ᠳ᠋ᠦᠩ ᠶᠤᠮ᠃ ᠡᠭᠦᠨ ᠳᠦ ᠬᠡᠳᠦ ᠬᠡᠳᠦᠨ ᠵᠦᠢᠯ ᠨᠥᠯᠦᠭᠡᠯᠡᠭᠰᠡᠨ ᠲᠠᠯ᠎ᠠ ᠪᠠᠷ ᠠᠯᠪᠠᠨ ᠤ ᠬᠢᠨ ᠲᠠᠶᠢᠯᠪᠤᠷᠢᠯᠠᠯ᠎ᠠ᠃ ᠲᠤᠬᠠᠶᠢᠯᠠᠪᠠᠯ᠂ ᠡᠺᠰᠫᠣᠷᠲ ᠤᠨ ᠭᠣᠣᠯᠯᠠᠬᠤ ᠲᠦᠭᠦᠬᠡᠢ ᠡᠳ᠋  ᠦᠳ ᠦᠨ ᠦᠨ᠎ᠡ ᠶᠢᠨ ᠥᠰᠦᠯᠲᠡ ᠨᠥᠯᠦᠭᠡᠯᠡᠭᠰᠡᠨ ᠪᠤᠶᠤ ᠨᠡᠶᠢᠲᠡ ᠡᠺᠰᠫᠣᠷᠲ ᠵᠢᠷᠭᠤᠭᠠᠨ ᠲᠡᠷᠪᠤᠮ ᠳ᠋ᠣᠯᠯᠠᠷ ᠲᠤ ᠬᠦᠷᠦᠭᠰᠡᠨ ᠨᠢ ᠨᠥᠯᠦᠭᠡᠯᠡᠭᠰᠡᠨ ᠪᠠᠶᠢᠨ᠎ᠠ᠃ ᠮᠥᠨ ᠡᠨᠡ ᠣᠨ ᠳᠤ 920 ᠣᠷᠴᠢᠮ ᠰᠠᠶ᠎ᠠ ᠳ᠋ᠣᠯᠯᠠᠷ ᠤᠨ ᠰᠠᠩᠬᠦᠦᠵᠢᠯᠲᠠ ᠣᠯᠠᠨ ᠤᠯᠤᠰ ᠤᠨ ᠸᠠᠯᠢᠶᠤᠲ ᠤᠨ ᠰᠠᠩ ᠪᠣᠯᠤᠨ ᠪᠤᠰᠤᠳ ᠳ᠋ᠣᠨᠤᠷ ᠪᠠᠶᠢᠭᠤᠯᠤᠯᠭ᠎ᠠ ᠠᠴᠠ ᠣᠷᠣᠵᠤ ᠢᠷᠡᠭᠰᠡᠨ ᠨᠢ ᠨᠥᠯᠦᠭᠡᠯᠡᠵᠡᠢ᠃ ᠭᠠᠳᠠᠭᠠᠳᠤ ᠨᠥᠭᠡᠴᠡ ᠨᠢ ᠲᠤᠬᠠᠢ ᠶᠢᠨ ᠤᠯᠤᠰ ᠤᠨ ᠢᠶᠠᠨ 12 ᠰᠠᠷ᠎ᠠ ᠶᠢᠨ ᠢᠮᠫᠣᠷᠲ ᠤᠨ ᠬᠡᠷᠡᠭᠴᠡᠭᠡ ᠶᠢ ᠨᠡᠶᠢᠯᠡᠭᠦᠯᠦᠭᠰᠡᠨ ᠬᠡᠮᠵᠢᠶᠡᠨ ᠳᠦ ᠪᠠᠶᠢᠬᠤ ᠶᠣᠰᠣᠲᠠᠢ ᠭᠡᠳᠡᠭ᠃ ᠬᠠᠷᠢᠨ ᠮᠠᠨ ᠤ ᠤᠯᠤᠰ ᠤᠨ ᠣᠳᠣ ᠶᠢᠨ ᠨᠥᠭᠡᠴᠡ ᠨᠢ ᠣᠶᠢᠷᠠᠯᠴᠠᠭ᠎ᠠ ᠪᠠᠷ ᠵᠢᠷᠭᠤᠭᠠᠨ ᠰᠠᠷ᠎ᠠ ᠶᠢᠨ ᠬᠢ ᠲᠠᠢ ᠳᠦᠢᠬᠦ ᠶᠤᠮ᠃

ᠰᠡᠳᠬᠢᠭᠳᠡᠯ ᠦᠯᠡᠳᠡᠭᠡᠬᠦ