ᠽ∙ᠡᠩᠬᠡᠪᠣᠯᠤᠳ ᠤᠷᠠᠯᠢᠭᠴᠢᠳ ᠲᠤ ᠬᠦᠨᠳᠦᠳᠭᠡᠯ ᠳᠡᠪᠰᠢᠭᠦᠯᠦᠯ᠎ᠡ | News.MN

ᠽ∙ᠡᠩᠬᠡᠪᠣᠯᠤᠳ ᠤᠷᠠᠯᠢᠭᠴᠢᠳ ᠲᠤ ᠬᠦᠨᠳᠦᠳᠭᠡᠯ ᠳᠡᠪᠰᠢᠭᠦᠯᠦᠯ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠥᠨᠥᠳᠥᠷ ᠲᠥᠷᠥ ᠶᠢᠨ ᠣᠷᠳᠣᠨ ᠤ ᠶᠣᠰᠣᠯᠠᠯ ᠬᠦᠨᠳᠦᠳᠬᠡᠯ ᠦᠨ ᠲᠠᠩᠬᠢᠮ ᠳᠤ ︽ᠮᠣᠩᠭᠣᠯ ᠲᠥᠷᠥ ᠶᠢᠨ ᠠᠶᠢᠵᠠᠮ ᠤᠷᠲᠤ ᠶᠢᠨ ᠳᠠᠭᠤᠤ︾ ᠬᠦᠨᠳᠦᠳᠬᠡᠯ ᠦᠨ ᠶᠣᠰᠣᠯᠠᠯ ᠳᠤ ᠣᠷᠣᠯᠴᠠᠭᠰᠠᠨ ᠤᠷᠠᠨ ᠪᠦᠲᠦᠭᠡᠯᠴᠢᠳ ᠦᠨ ᠲᠥᠯᠥᠭᠡᠯᠡᠭᠴᠢᠳ ᠲᠦ ᠪᠠᠶᠠᠷ ᠬᠦᠷᠭᠡᠨ᠂ ᠥᠪ ᠰᠤᠶᠤᠯ ᠢᠶᠠᠨ ᠲᠦᠭᠡᠭᠡᠨ ᠳᠡᠯᠭᠡᠷᠡᠭᠦᠯᠬᠦ ᠡᠷᠬᠢᠮ ᠦᠢᠯᠡᠰ᠂ ᠴᠠᠭᠠᠰᠢᠳᠠ ᠶᠢᠨ ᠤᠷᠠᠨ ᠪᠦᠲᠦᠭᠡᠯ ᠳᠦ ᠨᠢ ᠠᠮᠵᠢᠯᠲᠠ ᠬᠦᠰᠡᠭᠡᠳ ᠲᠠᠯᠠᠷᠬᠠᠯ ᠭᠠᠷᠳᠠᠭᠤᠯᠤᠯ᠎ᠠ᠃ ᠮᠣᠩᠭᠣᠯ ᠤᠯᠤᠰ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠶᠢᠷᠠᠮᠳᠠᠬᠤ ᠤᠯᠤᠰ ᠢᠶᠠᠨ ᠲᠤᠩᠬᠠᠭᠯᠠᠭᠰᠠᠨ ᠤ 94 ᠵᠢᠯ ᠦᠨ ᠣᠢ ᠶᠢᠨ ᠪᠠᠶᠠᠷ ᠤᠨ ᠡᠳᠦᠷ ᠢᠶᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠮᠣᠩᠭᠣᠯ ᠤᠨ ᠤᠷᠲᠤ ᠶᠢᠨ ᠳᠠᠭᠤᠤ ᠶᠢᠨ ᠬᠣᠯᠪᠣᠭ᠎ᠠ᠂ ᠮᠣᠩᠭᠣᠯ ᠤᠯᠤᠰ ᠤᠨ ᠺᠣᠨᠰᠧᠷᠠᠸᠠᠲ᠋ᠣᠷ ᠤᠨ ᠳᠠᠭᠤᠯᠠᠭᠠᠴᠢ ᠶᠢᠨ ᠹᠠᠺᠦᠶᠢᠯᠢᠲ᠋ᠧᠲ ᠤᠨ ᠵ∙ᠳᠣᠷᠵᠢᠳᠠᠭᠪᠠ ᠶᠢᠨ ᠨᠡᠷᠡᠮᠵᠢᠲᠦ ᠲᠠᠩᠬᠢᠮ᠂ ᠰᠤᠶᠤᠯ ᠤᠷᠠᠯᠢᠭ ᠤᠨ ᠶᠡᠬᠡ ᠰᠤᠷᠭᠠᠭᠤᠯᠢ ᠶᠢᠨ ᠨ∙ᠨᠤᠷᠪᠤᠪᠠᠩᠽᠠᠳ ᠤᠨ ᠨᠡᠷᠡᠮᠵᠢᠲᠦ ᠲᠠᠩᠬᠢᠮ ᠲᠠᠢ ᠬᠠᠮᠲᠤᠷᠠᠨ  ︽ᠮᠣᠩᠭᠣᠯ ᠲᠥᠷᠥ ᠶᠢᠨ ᠠᠶᠢᠵᠠᠮ ᠤᠷᠲᠤ ᠶᠢᠨ ᠳᠠᠭᠤᠤ︾ ᠬᠦᠨᠳᠦᠳᠬᠡᠯ ᠦᠨ ᠶᠣᠰᠣᠯᠠᠯ ᠲᠣᠭᠯᠠᠯᠲᠠ ᠶᠢ ᠵᠣᠬᠢᠶᠠᠨ ᠪᠠᠶᠢᠭᠤᠯᠤᠭᠰᠠᠨ ᠶᠤᠮ᠃ ᠡᠨᠡ ᠲᠣᠭᠯᠠᠯᠲᠠ ᠶᠢᠨ ᠦᠶ᠎ᠡ ᠪᠡᠷ ᠲᠥᠷᠥ ᠶᠢᠨ ᠬᠦᠨᠳᠦᠳᠬᠡᠯ ᠦᠨ ᠤᠷᠲᠤ ᠶᠢᠨ ᠳᠠᠭᠤᠤ ᠨᠤᠭᠤᠳ ᠢ 94 ᠤᠷᠲᠤ ᠶᠢᠨ ᠳᠠᠭᠤᠴᠢ᠂ 6 ᠮᠣᠷᠢᠨ ᠬᠤᠭᠤᠷᠴᠢ ᠨᠡᠶᠢᠲᠡ 100 ᠤᠷᠠᠨ ᠪᠦᠲᠦᠭᠡᠯᠴᠢ ᠮᠣᠩᠭᠣᠯ ᠲᠦᠮᠡᠨ ᠳᠦ ᠪᠡᠨ ᠲᠣᠯᠢᠯᠠᠭᠤᠯᠤᠭᠰᠠᠨ ᠪᠢᠯᠡ᠃ ᠲᠡᠭᠡᠪᠡᠯ ᠣᠯᠠᠨ ᠵᠢᠯ ᠦᠨ ᠰᠤᠳᠤᠯᠭ᠎ᠠ ᠬᠢᠭᠰᠡᠨ ᠦ ᠦᠨᠳᠦᠰᠦᠨ ᠳᠦ ᠲᠥᠷᠥ ᠶᠢᠨ ᠬᠦᠨᠳᠦᠳᠬᠡᠯ ᠦᠨ ᠭᠡᠬᠦ ᠤᠷᠲᠤ ᠶᠢᠨ ᠳᠠᠭᠤᠤ ᠨᠤᠭᠤᠳ ᠢ ᠡᠮᠬᠢᠳᠬᠡᠨ ︽ᠮᠣᠩᠭᠣᠯ ᠲᠥᠷᠥ ᠶᠢᠨ ᠠᠶᠢᠵᠠᠮ ᠤᠷᠲᠤ ᠶᠢᠨ ᠳᠠᠭᠤᠤ︾ ᠨᠣᠮ ᠢ ᠬᠡᠪᠯᠡᠭᠦᠯᠵᠦ᠂ ᠴᠢᠨᠠᠭᠰᠢᠳᠠ ᠡᠨᠡᠬᠦ ᠨᠣᠮ ᠳᠤ ᠪᠢᠴᠢᠭᠳᠡᠭᠰᠡᠨ ᠨᠣᠲ᠂ ᠦᠭᠡ ᠶᠢᠨ ᠳᠠᠭᠠᠤ ᠮᠣᠩᠭᠣᠯ ᠲᠥᠷᠥ ᠶᠢᠨ ᠠᠶᠢᠵᠠᠮ ᠤᠷᠲᠤ ᠶᠢᠨ ᠳᠠᠭᠤᠤ ᠶᠢ ᠳᠠᠭᠤᠯᠠᠵᠤ ᠵᠠᠩᠰᠢᠬᠤ ᠪᠠᠷ ᠪᠣᠯᠵᠤ ᠪᠠᠶᠢᠭ᠎ᠠ ᠶᠤᠮ ᠪᠠᠶᠢᠨ᠎ᠠ᠃

ᠡᠨᠡ ᠲᠠᠯ᠎ᠠ ᠪᠠᠷ ᠮᠣᠩᠭᠣᠯ ᠤᠯᠤᠰ ᠤᠨ ᠭᠠᠪᠢᠶᠠᠲᠤ ᠵᠦᠴᠦᠭᠡᠴᠢᠨ ᠳ᠂ ᠲᠦᠪᠰᠢᠨᠵᠢᠷᠭᠠᠯ᠄ ᠶᠠᠭᠤᠨ ᠲᠦᠷᠦᠭᠦᠨ ᠳᠦ ᠮᠣᠩᠭᠣᠯ ᠲᠥᠷᠥ ᠪᠡᠨ ᠬᠦᠨᠳᠦᠳᠭᠡᠵᠦ᠂ ᠪᠢᠳᠡᠨ ᠦ ᠡᠪᠦᠭᠡ ᠳᠡᠭᠡᠳᠦᠰ ᠦᠨ ᠣᠯᠠᠨ ᠮᠢᠩᠭᠠᠨ ᠵᠢᠯ ᠦᠨ ᠲᠤᠷᠰᠢ ᠲᠡᠭᠡᠭᠡᠵᠦ ᠢᠷᠡᠭᠰᠡᠨ ᠥᠪ᠂ ᠡᠨᠡ ᠥᠪ ᠢ ᠪᠢᠳᠡᠨ ᠳᠦ ᠠᠪᠴᠢᠷᠠᠵᠤ ᠥᠭᠭᠦᠭᠰᠡᠨ ᠡᠷᠳᠡᠮᠲᠡᠨ᠂ ᠣᠶᠤᠲᠠᠨ᠂ ᠪᠠᠭᠰᠢ ᠨᠠᠷ ᠲᠤ ᠪᠠᠨ ᠪᠠᠶᠠᠷᠯᠠᠵᠤ ᠪᠠᠶᠢᠨ᠎ᠠ᠃ ᠮᠣᠩᠭᠣᠯ ᠤᠨ ᠠᠯᠳᠠᠷᠲᠤ ᠳᠠᠭᠤᠴᠢᠨ ᠮᠠᠭᠰᠠᠷᠠᠬᠤᠷᠴᠠ ᠶᠢᠨ ᠳᠤᠭᠠᠷᠵᠠᠪ ᠂ ᠵᠠᠭᠤᠨ ᠤ ᠮᠠᠩᠯᠠᠢ ᠤᠷᠲᠤ ᠶᠢᠨ ᠳᠠᠭᠤᠴᠢ ᠵᠢᠭᠵᠡᠪ ᠤᠨ ᠳᠣᠷᠵᠢᠳᠠᠭᠪᠠ ᠪᠠᠭᠰᠢ ᠳᠤ ᠶᠠᠩᠵᠤ ᠪᠦᠷᠢ ᠶᠢᠨ ᠨᠡᠶᠢᠭᠡᠮ ᠡᠴᠡ ᠪᠣᠯᠵᠤ ᠢᠷᠠᠭᠤ ᠨᠠᠶᠢᠷᠠᠭ ᠨᠢ ᠶᠡᠬᠡ ᠥᠭᠡᠷᠡᠴᠢᠯᠡᠭᠳᠡᠭᠰᠡᠨ ᠳᠠᠭᠤᠤ ᠨᠤᠭᠤᠳ ᠢ᠂ ᠵᠢᠱᠢᠶᠡᠯᠡᠪᠡᠯ ︽ᠡᠷᠲᠡᠨ ᠦ ᠰᠠᠶᠢᠬᠠᠨ︾ ᠭᠡᠵᠦ ᠡᠵᠡᠨ ᠴᠢᠩᠭᠢᠰ ᠬᠠᠭᠠᠨ ᠤ ᠲᠥᠷᠥ ᠶᠢᠨ ᠰᠦᠯᠳᠡ ᠳᠠᠭᠤᠤ ᠶᠢ ᠰᠤᠽᠢᠶᠠᠯᠢᠰᠮ ᠤᠨ ᠦᠶ᠎ᠡ ᠳᠦ ᠳᠠᠭᠤᠯᠠᠵᠤ ᠪᠠᠶᠢᠭ᠎ᠠ ᠦᠭᠡᠢ᠃ ᠲᠤᠬᠠᠢ ᠶᠢᠨ ᠦᠶ᠎ᠡ ᠳᠦ ︽ᠵᠠᠯᠠᠭᠤ ᠪᠠᠭᠠᠲᠤᠷ ᠤᠨ ᠢᠯᠠᠯᠲᠠ ᠶᠢᠨ ᠲᠡᠦᠬᠡ︾ ᠬᠡᠮᠡᠨ ᠨᠡᠷ᠎ᠡ ᠶᠢ ᠥᠭᠡᠷᠡᠴᠢᠯᠡᠭᠰᠡᠨ᠃ ᠬᠠᠷᠢᠨ ᠠᠶᠠᠯᠭᠤ ᠨᠢ ᠶᠠᠭ ᠬᠡᠪ ᠢᠶᠡᠷ ᠣᠯᠠᠨ ᠠᠯᠳᠠᠷᠲᠤ ᠤᠷᠲᠤ ᠶᠢᠨ ᠳᠠᠭᠤᠴᠢᠳ ᠢᠶᠠᠷ ᠳᠠᠮᠵᠢᠨ᠂ ᠥᠷᠲᠡᠭᠡᠯᠡᠨ ᠪᠢᠳᠡᠨ ᠦ ᠦᠶ᠎ᠡ ᠳᠦ ᠢᠷᠡᠭᠰᠡᠨ᠃ ᠡᠨᠡ ᠨᠣᠮ ᠳᠤ ᠶᠢᠰᠦᠨ ᠠᠶᠢᠵᠠᠮ ᠤᠷᠲᠤ ᠶᠢᠨ ᠳᠠᠭᠤᠤ ᠣᠷᠣᠭᠰᠠᠨ᠃ ᠲᠥᠷᠥ ᠶᠢᠨ ᠬᠣᠯᠪᠣᠭᠠᠲᠠᠢ ᠳᠠᠭᠤᠤ ᠨᠤᠭᠤᠳ ᠠᠭᠤᠤ ᠶᠡᠬᠡ ᠣᠶᠤᠨ ᠤᠬᠠᠭᠠᠨ᠂ ᠡᠪᠦᠭᠡ ᠳᠡᠭᠡᠳᠦᠰ ᠦᠨ ᠨᠠᠨᠳᠢᠨ ᠥᠪ ᠰᠠᠩ᠂ ᠢᠷᠠᠭᠤ ᠨᠠᠶᠢᠷᠠᠭ᠂ ᠠᠶᠠᠯᠭᠤ ᠪᠠᠷ ᠢᠶᠠᠨ ᠭᠦᠨ ᠬᠦᠨᠳᠦᠳᠬᠡᠯ ᠦᠨ ᠡᠭᠡᠰᠢᠭᠯᠡᠩ ᠲᠡᠢ ᠪᠦᠲᠦᠭᠡᠯ ᠦᠳ ᠪᠠᠶᠢᠳᠠᠭ᠃ ᠲᠡᠶᠢᠮᠦ ᠡᠴᠡ ᠲᠥᠷᠥ ᠶᠢᠨ ᠶᠣᠰᠣᠯᠠᠯ ᠤᠨ ᠠᠯᠪᠠ ᠪᠣᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠲᠠᠢ ᠬᠠᠮᠲᠤᠷᠠᠭᠠᠳ ᠲᠥᠷᠥ ᠶᠢᠨ ᠢᠶᠡᠨ ᠶᠡᠬᠡ ᠬᠦᠨᠳᠦᠳᠬᠡᠯ᠂ ᠪᠠᠶᠠᠷ ᠴᠡᠩᠭᠡᠯ᠂ ᠨᠠᠭᠠᠳᠤᠮ ᠤᠨ ᠦᠶ᠎ᠡ ᠪᠡᠷ ᠮᠣᠩᠭᠣᠯ ᠲᠥᠷᠥ ᠶᠢᠨ ᠠᠶᠢᠵᠠᠮ ᠤᠷᠲᠤ ᠶᠢᠨ ᠳᠠᠭᠤᠤ ᠶᠢ ᠡᠭᠡᠰᠢᠭᠯᠡᠭᠦᠯᠵᠦ ᠪᠠᠶᠢᠬᠤ ᠪᠠᠷ ᠲᠥᠷᠥ ᠶᠢᠨ ᠶᠣᠰᠣᠯᠠᠯ ᠤᠨ ᠵᠢᠷᠤᠮ ᠳᠤ ᠣᠷᠣᠭᠤᠯᠵᠤ᠂ ᠡᠬᠢᠨ ᠦ ᠶᠣᠰᠣᠯᠠᠯ ᠢᠶᠠᠨ ᠮᠣᠩᠭᠣᠯ ᠤᠯᠤᠰ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠶᠢᠷᠠᠮᠳᠠᠬᠤ ᠤᠯᠤᠰ ᠢᠶᠠᠨ ᠲᠤᠩᠬᠠᠭᠯᠠᠭᠰᠠᠨ ᠤ 94 ᠵᠢᠯ ᠦᠨ ᠣᠢ ᠶᠢᠨ ᠪᠠᠶᠠᠷ ᠤᠨ ᠡᠳᠦᠷ ᠢᠶᠡᠷ ᠬᠢᠭᠰᠡᠨ ᠶᠤᠮ᠃ ᠡᠨᠡ ᠪᠣᠯ ᠡᠬᠢᠯᠡᠯ᠃ ᠴᠢᠨᠠᠭᠰᠢᠳᠠ ᠪᠠᠨ ᠤᠯᠠᠮᠵᠢᠯᠠᠯ ᠪᠣᠯᠭᠠᠬᠤ ᠵᠣᠷᠢᠯᠭ᠎ᠠ ᠲᠠᠢ ᠪᠠᠶᠢᠭ᠎ᠠ ᠭᠡᠯ᠎ᠡ᠃
ᠼ᠂ ᠨᠠᠰᠤᠨᠪᠠᠲᠤ᠄︽ᠮᠣᠩᠭᠣᠯ ᠲᠥᠷᠥ ᠶᠢᠨ ᠠᠶᠢᠵᠠᠮ ᠤᠷᠲᠤ ᠶᠢᠨ ᠳᠠᠭᠤᠤ︾ ᠨᠣᠮ ᠳᠤ ᠪᠠᠭᠲᠠᠵᠤ ᠪᠤᠢ ᠶᠢᠰᠦᠨ ᠳᠠᠭᠤᠤ ᠶᠢ ᠰᠤᠳᠤᠯᠬᠤ ᠳᠤ ᠮᠠᠰᠢ ᠶᠡᠬᠡ ᠴᠠᠭ ᠣᠷᠣᠭᠰᠠᠨ᠃ ᠮᠢᠨᠦ ᠬᠤᠪᠢ ᠳᠤ ᠭᠡᠬᠦ ᠳᠦ 2005 ᠣᠨ ᠠᠴᠠ ᠬᠣᠶᠢᠰᠢ ᠰᠤᠳᠤᠯᠵᠤ ᠪᠠᠶᠢᠭ᠎ᠠ᠃ ᠣᠯᠠᠨ ᠡᠷᠳᠡᠮᠲᠡᠨ᠂ ᠮᠡᠷᠭᠡᠳ ᠰᠤᠳᠤᠯᠤᠭᠰᠠᠭᠠᠷ ᠢᠷᠡᠭᠰᠡᠨ ᠪᠦᠲᠦᠭᠡᠯ ᠦᠳ ᠶᠤᠮ᠃ ᠨᠡᠭᠦᠳᠡᠯ ᠦᠨ ᠰᠤᠶᠤᠯ ᠢᠷᠭᠡᠨᠰᠢᠯ ᠦᠨ ᠬᠦᠷᠢᠶᠡᠯᠡᠩ᠂ ᠰᠤᠶᠤᠯ ᠤᠷᠠᠯᠢᠭ ᠤᠨ ᠶᠡᠬᠡ ᠰᠤᠷᠭᠠᠭᠤᠯᠢ ᠶᠢᠨ ᠤᠷᠲᠤ ᠶᠢᠨ ᠳᠠᠭᠤᠤ ᠶᠢᠨ  ᠪᠠᠭᠰᠢ ᠨᠠᠷ ᠭᠡᠳ ᠣᠯᠠᠨ ᠬᠦᠮᠦᠨ ᠦ ᠰᠤᠳᠤᠯᠭ᠎ᠠ᠂ ᠬᠥᠳᠡᠯᠮᠦᠷᠢ ᠶᠢᠨ ᠦᠷ᠎ᠡ ᠰᠢᠮ᠎ᠡ ᠶᠤᠮ᠂ ᠡᠨᠡ ᠨᠣᠮ ᠢ ᠰᠤᠳᠤᠯᠭᠠᠨ ᠤ ᠬᠡᠷᠡᠭᠯᠡᠭᠳᠡᠬᠦᠨ ᠪᠣᠯᠬᠤ ᠠᠴᠠ ᠭᠠᠳᠠᠨ᠎ᠠ᠂ ᠮᠣᠩᠭᠣᠯ ᠤᠷᠲᠤ ᠶᠢᠨ ᠳᠠᠭᠤᠤ ᠶᠢ ᠲᠦᠭᠡᠭᠡᠨ ᠳᠡᠯᠭᠡᠷᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠢ ᠪᠣᠯᠵᠤ ᠪᠠᠶᠢᠭ᠎ᠠ ᠶᠤᠮ ᠭᠡᠯ᠎ᠡ᠃

ᠰᠡᠳᠬᠢᠭᠳᠡᠯ ᠦᠯᠡᠳᠡᠭᠡᠬᠦ