 ᠨᠠᠮ ᠳᠦ 12 ᠮᠢᠩᠭᠠᠨ ᠢᠷᠭᠡᠨ ᠭᠡᠰᠢᠭᠦᠨ ᠢᠶᠡᠷ ᠡᠯᠰᠡᠵᠡᠢ | News.MN

 ᠨᠠᠮ ᠳᠦ 12 ᠮᠢᠩᠭᠠᠨ ᠢᠷᠭᠡᠨ ᠭᠡᠰᠢᠭᠦᠨ ᠢᠶᠡᠷ ᠡᠯᠰᠡᠵᠡᠢ

ᠠᠷᠠᠳᠴᠢᠯᠠᠭᠰᠠᠨ ᠨᠠᠮ ᠠᠴᠠ ᠣᠷᠣᠨ ᠳᠠᠶᠠᠭᠠᠷ ᠵᠣᠬᠢᠶᠠᠨ ᠪᠠᠶᠢᠭᠤᠯᠤᠭᠰᠠᠨ ︽ᠬᠥᠭᠵᠢᠯ ᠰᠢᠨᠡᠴᠢᠯᠡᠯ ︾ ᠦᠨᠳᠦᠰᠦᠨ ᠦ ᠬᠤᠶᠠᠳᠤᠭᠠᠷ ᠠᠶᠠᠨ ᠥᠨᠥᠳᠥᠷ ᠬᠠᠭᠠᠯᠲᠠ ᠪᠠᠨ ᠬᠢᠯ᠎ᠡ᠃ ᠲᠤᠰ ᠨᠠᠮ ᠤᠨ ᠠᠩᠬᠠᠨ᠂ ᠳᠤᠮᠳᠠ ᠱᠠᠲᠤᠨ ᠤ ᠨᠠᠮ ᠤᠨ ᠪᠠᠶᠢᠭᠤᠯᠤᠯᠭ᠎ᠠ ᠨᠤᠭᠤᠳ ᠤᠨ ᠦᠢᠯᠡ ᠠᠵᠢᠯᠯᠠᠭ᠎ᠠ ᠶᠢ ᠡᠷᠴᠢᠮᠵᠢᠭᠦᠯᠬᠦ᠂ ᠨᠠᠮ ᠤᠨ ᠪᠣᠯᠤᠨ ᠪᠦᠬᠦ ᠱᠠᠲᠤᠨ ᠤ ᠰᠣᠩᠭᠣᠭᠤᠯᠢ ᠳᠤ ᠭᠡᠰᠢᠭᠦᠳ ᠦᠨ ᠬᠠᠮᠲᠤ ᠶᠢᠨ ᠠᠵᠢᠯᠯᠠᠭ᠎ᠠ ᠶᠢ ᠰᠠᠶᠢᠵᠢᠷᠠᠭᠤᠯᠬᠤ ᠵᠣᠷᠢᠯᠭ᠎ᠠ ᠪᠦᠬᠦᠢ ᠡᠨᠡᠬᠦ ᠠᠶᠠᠨ ᠢ ᠥᠩᠭᠡᠷᠡᠭᠰᠡᠨ ᠰᠠᠷ᠎ᠠ ᠶᠢᠨ 01 ᠡᠴᠡ ᠡᠨᠡ ᠰᠠᠷ᠎ᠠ ᠶᠢᠨ 15 ᠳᠦ ᠨᠡᠶᠢᠰᠯᠡᠯ ᠦᠨ ᠶᠢᠰᠦᠨ ᠳᠡᠭᠦᠷᠭᠡ ᠶᠢᠨ 152 ᠬᠣᠷᠢᠶ᠎ᠠ᠂ 21 ᠠᠶᠢᠮᠠᠭ ᠤᠨ 284 ᠰᠤᠮᠤ ᠶᠢᠨ 918 ᠪᠠᠭ ᠲᠤ ᠵᠣᠬᠢᠶᠠᠨ ᠪᠠᠶᠢᠭᠤᠯᠤᠭᠰᠠᠨ ᠪᠠᠶᠢᠨ᠎ᠠ᠃ ᠦᠨᠳᠦᠰᠦᠨ ᠦ ᠬᠡᠮᠵᠢᠶᠡᠨ ᠳᠦ ᠥᠷᠨᠢᠭᠰᠡᠨ ᠬᠤᠶᠠᠳᠤᠭᠠᠷ ᠠᠶᠠᠨ ᠤ ᠬᠦᠷᠢᠶᠡᠨ ᠳᠦ ᠠᠷᠠᠳᠴᠢᠯᠠᠭᠰᠠᠨ ᠨᠠᠮ ᠳᠤ 12 ᠮᠢᠩᠭᠠᠨ ᠢᠷᠭᠡᠨ ᠭᠡᠰᠢᠭᠦᠨ ᠢᠶᠡᠷ ᠡᠯᠰᠡᠭᠰᠡᠨ ᠭᠡᠳᠡᠭ ᠢ ᠲᠤᠰ ᠨᠠᠮ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠼ∙ᠲᠤᠪᠠᠨ ᠮᠡᠳᠡᠭᠡᠯᠡᠪᠡ᠃
ᠲᠡᠷᠡ ᠪᠡᠷ᠂ ᠠᠶᠠᠨ ᠤ ᠬᠦᠷᠢᠶᠡᠨ ᠳᠦ ᠵᠥᠪᠬᠡᠨ ᠨᠠᠮ ᠤᠨ ᠭᠡᠰᠢᠭᠦᠳ ᠲᠡᠢ ᠠᠭᠤᠯᠵᠠᠭᠠᠳ ᠵᠣᠭᠰᠣᠬᠤ ᠦᠭᠡᠢ ᠨᠠᠮ ᠪᠤᠰᠤ ᠢᠷᠭᠡᠳ ᠦᠨ ᠰᠠᠨᠠᠯ ᠪᠣᠳᠣᠯ ᠢ ᠰᠤᠨᠤᠰᠴᠦ᠂ ᠠᠷᠠᠳᠴᠢᠯᠠᠭᠰᠠᠨ ᠨᠠᠮ ᠤᠨ ᠪᠣᠳᠣᠯᠭ᠎ᠠ᠂ ᠦᠢᠯᠡ ᠠᠵᠢᠯᠯᠠᠭᠠᠨ ᠤ ᠴᠢᠭᠯᠡᠯ᠂ ᠨᠡᠶᠢᠭᠡᠮ᠂ ᠡᠳ᠋ ᠦᠨ ᠵᠠᠰᠠᠭ ᠤᠨ ᠥᠨᠥ ᠶᠢᠨ ᠨᠥᠬᠥᠴᠡᠯ ᠪᠠᠶᠢᠳᠠᠯ ᠤᠨ ᠲᠤᠬᠠᠢ ᠮᠡᠳᠡᠭᠡᠯᠡᠯ ᠢ ᠬᠦᠷᠭᠡᠭᠰᠡᠨ ᠪᠠᠶᠢᠨ᠎ᠠ᠃ ᠢᠷᠭᠡᠳ ᠦᠨ ᠵᠦᠭ ᠡᠴᠡ ︽ᠵᠢᠵᠢᠭ ᠳᠤᠮᠳᠠ ᠦᠢᠯᠡᠳᠪᠤᠷᠢ ᠶᠢ ᠳᠡᠮᠵᠢᠬᠦ ᠰᠠᠩ︾ ᠦᠨ ᠵᠢᠭᠡᠯᠡ ᠶᠢᠨ ᠠᠰᠠᠭᠤᠳᠠᠯ᠂ ︽60 ᠲᠡᠷᠪᠤᠮ︾ ᠤᠨ ᠬᠡᠷᠡᠭ᠂ ᠰᠢᠲᠠᠬᠤᠨ ᠤ ᠦᠨ᠎ᠡ᠂ ᠸᠠᠯᠢᠶᠤᠲ ᠤᠨ ᠬᠠᠩᠰᠢ ᠶᠢᠨ ᠥᠰᠦᠯᠲᠡ᠂ ᠤᠲᠤᠭᠠᠨ ᠤ ᠠᠰᠠᠭᠤᠳᠠᠯ ᠢ ᠨᠡᠩ ᠳᠠᠷᠤᠢ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠶᠢᠭ᠎ᠠ ᠶᠢ ᠬᠠᠮᠤᠭ ᠤᠨ ᠶᠡᠬᠡ ᠪᠡᠷ ᠬᠥᠨᠳᠡᠭᠰᠡᠨ᠃ ᠢᠯᠠᠩᠭᠤᠶ᠎ᠠ ᠰᠢᠲᠠᠬᠤᠨ ᠤ ᠦᠨ᠎ᠡ ᠡᠨᠡ ᠣᠨ ᠳᠤ ᠤᠳᠠᠭ᠎ᠠ ᠳᠠᠷᠠᠭ᠎ᠠ ᠨᠡᠮᠡᠭᠳᠡᠭᠰᠡᠨ ᠨᠢ ᠣᠷᠣᠨ ᠨᠤᠲᠤᠭ ᠤᠨ ᠢᠷᠭᠡᠳ ᠲᠦ ᠬᠦᠨᠳᠦ ᠲᠤᠰᠴᠤ ᠪᠠᠶᠢᠨ᠎ᠠ᠃ ᠬᠠᠷᠢᠨ ᠨᠡᠶᠢᠰᠯᠡᠯᠴᠦᠳ ᠦᠨ ᠬᠤᠪᠢ ᠳᠤ ᠤᠲᠤᠭ᠎ᠠ᠂ ᠸᠠᠯᠢᠶᠤᠲ ᠤᠨ ᠬᠠᠩᠰᠢ ᠶᠢᠨ ᠥᠰᠦᠯᠲᠡ ᠡᠴᠡ ᠰᠢᠯᠲᠠᠭᠠᠯᠠᠭᠰᠠᠨ ᠥᠷᠭᠡᠨ ᠬᠡᠷᠡᠭᠯᠡᠭᠡᠨ ᠦ ᠪᠠᠷᠠᠭ᠎ᠠ᠂ ᠪᠦᠲᠦᠭᠡᠭᠳᠡᠬᠦᠨ ᠦ ᠦᠨ᠎ᠡ ᠡᠳᠦᠷ ᠢᠷᠡᠬᠦ ᠲᠤᠰᠤᠮ ᠨᠡᠮᠡᠭᠳᠡᠵᠦ ᠪᠠᠶᠢᠭ᠎ᠠ ᠶᠢ ᠡᠷᠬᠡ ᠪᠠᠷᠢᠭᠴᠢᠳ ᠲᠤ ᠤᠯᠠᠮᠵᠢᠯᠠᠭᠰᠠᠨ ᠭᠡᠯ᠎ᠡ᠃

ᠰᠡᠳᠬᠢᠭᠳᠡᠯ ᠦᠯᠡᠳᠡᠭᠡᠬᠦ