ᠡ᠊∙ᠠᠭᠤᠵᠢᠮᠰᠡᠳᠭᠢᠯ ᠳᠦ ︽ᠰᠢᠯᠢᠳᠡᠭ ᠠᠵᠢᠯᠴᠢᠨ︾ ᠱᠠᠩᠨᠠᠯ ᠭᠠᠷᠳᠠᠭᠤᠯᠤᠯ᠎ᠠ | News.MN

ᠡ᠊∙ᠠᠭᠤᠵᠢᠮᠰᠡᠳᠭᠢᠯ ᠳᠦ ︽ᠰᠢᠯᠢᠳᠡᠭ ᠠᠵᠢᠯᠴᠢᠨ︾ ᠱᠠᠩᠨᠠᠯ ᠭᠠᠷᠳᠠᠭᠤᠯᠤᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ︽ᠰᠢᠯᠢᠳᠡᠭ ᠵᠠᠯᠠᠭᠤ ᠠᠵᠢᠯᠴᠢᠨ ᠳᠤ ᠱᠠᠩᠨᠠᠯ ᠣᠯᠭᠣᠬᠤ ᠲᠤᠬᠠᠢ︾ ᠵᠠᠷᠯᠢᠭ ᠭᠠᠷᠭᠠᠵᠤ ᠂ ᠮᠡᠷᠭᠡᠵᠢᠯ ᠦᠨ ᠪᠣᠯᠪᠠᠰᠤᠷᠠᠯ᠂ ᠤᠷ᠎ᠠ ᠴᠢᠳᠠᠪᠤᠷᠢ᠂ ᠠᠵᠢᠯ ᠤᠨ ᠪᠦᠲᠦᠭᠡᠮᠵᠢ ᠪᠡᠷ ᠢᠶᠡᠨ ᠣᠨᠴᠠᠭᠠᠢ ᠠᠮᠵᠢᠯᠲᠠ ᠭᠠᠷᠭᠠᠨ᠂ ᠵᠠᠯᠠᠭᠤ ᠦᠶ᠎ᠡ ᠶᠢ ᠠᠵᠢᠯ ᠬᠥᠳᠡᠯᠮᠦᠷᠢ᠂ ᠪᠦᠲᠦᠭᠡᠯᠴᠢ ᠦᠢᠯᠡᠳᠪᠦᠷᠢᠯᠡᠯ ᠳᠦ ᠤᠷᠢᠶᠠᠯᠠᠵᠤ᠂ ᠬᠥᠳᠡᠯᠮᠦᠷᠢ ᠡᠷᠬᠢᠯᠡᠯᠲᠡ ᠶᠢᠨ ᠰᠠᠯᠪᠤᠷᠢ ᠳᠤ ᠦᠯᠢᠭᠡᠷ ᠵᠢᠱᠢᠶ᠎ᠡ ᠬᠤᠪᠢ ᠨᠡᠮᠡᠷᠢ ᠣᠷᠣᠭᠤᠯᠵᠤ ᠪᠤᠢ ᠮᠡᠷᠭᠡᠰᠢᠭᠰᠡᠨ ᠪᠣᠯᠪᠠᠰᠤᠨ ᠬᠦᠴᠦᠨ᠂ ᠮᠣᠩᠭᠣᠯ ᠰᠣᠯᠣᠩᠭᠣᠰ ᠤᠨ ᠬᠠᠮᠲᠤᠷᠠᠭᠰᠠᠨ ᠫᠣᠯᠢᠲ᠋ᠧᠭᠨᠢᠭ ᠤᠨ ᠺᠣᠯᠯᠧᠵᠢ ᠶᠢᠨ ᠣᠶᠤᠲᠠᠨ᠂ ᠭᠠᠩᠨᠠᠭᠤᠷᠴᠢᠨ ᠡᠷᠳᠡᠨᠢ ᠶᠢᠨ ᠠᠭᠤᠵᠢᠮᠰᠡᠳᠭᠢᠯ  ᠳᠦ ᠰᠢᠯᠢᠳᠡᠭ  ᠵᠠᠯᠠᠭᠤ ᠠᠵᠢᠯᠴᠢᠨ ᠳᠤ ᠣᠯᠭᠣᠬᠤ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠨᠡᠷᠡᠮᠵᠢᠲᠦ ᠱᠠᠩᠨᠠᠯ ᠢ ᠣᠯᠭᠤᠯ᠎ᠠ᠃
ᠶᠡᠷᠦᠩᠬᠡᠶᠢᠯᠡᠭᠴᠢ ᠬ∙ᠪᠠᠲᠤᠲᠤᠯᠭ᠎ᠠ᠄ ᠲᠠ ᠪᠦᠬᠦᠨ ᠦ ᠡᠳᠦᠷ ᠦᠨ ᠠᠮᠤᠭᠤᠯᠠᠩ ᠢ ᠠᠶᠢᠯᠠᠳᠬᠠᠶ᠎ᠠ᠂ ᠥᠨᠥᠳᠥᠷ ᠮᠠᠰᠢ ᠶᠡᠬᠡ ᠠᠴᠢ ᠬᠣᠯᠪᠣᠭᠳᠠᠯ ᠲᠠᠢ ᠱᠠᠩᠨᠠᠯ ᠢ ᠠᠩᠬᠠᠯᠠᠨ ᠭᠠᠷᠳᠠᠭᠤᠯᠤᠯ᠎ᠠ᠃ ᠮᠢᠨᠦ ᠪᠡᠶ᠎ᠡ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠬᠤᠪᠢ ᠪᠠᠷ ᠨᠡᠶᠢᠰᠯᠡᠯ ᠦᠨ 9 ᠳᠡᠭᠦᠷᠭᠡ᠂ 21 ᠠᠶᠢᠮᠠᠭ ᠤᠨ ᠢᠷᠭᠡᠳ ᠲᠡᠢ ᠪᠡᠨ ᠠᠭᠤᠯᠵᠠᠬᠤ ᠦᠶ᠎ᠡ ᠪᠡᠷ ᠢᠷᠭᠡᠳ ᠵᠠᠯᠠᠭᠤᠴᠤᠳ ᠲᠤ ᠠᠵᠢᠯ ᠬᠠᠩᠭᠠᠯᠲᠠᠲᠠᠢ ᠣᠯᠳᠠᠬᠤ ᠴᠤ ᠠᠵᠢᠯ ᠬᠢᠬᠦ ᠰᠣᠨᠢᠷᠬᠠᠯ ᠦᠭᠡᠢ ᠪᠠᠶᠢᠨ᠎ᠠ ᠭᠡᠰᠡᠨ ᠰᠢᠭᠦᠮᠵᠢᠯᠡᠯ ᠢ ᠣᠯᠠᠨ ᠬᠡᠯᠡᠵᠦ ᠪᠠᠶᠢᠭᠰᠠᠨ᠃ ᠰᠤᠳᠤᠯᠭ᠎ᠠ ᠪᠠᠷ 2018 ᠣᠨ ᠤ ᠡᠬᠢᠨ ᠦ ᠪᠠᠶᠢᠳᠠᠯ ᠢᠶᠠᠷ ᠵᠥᠪᠬᠡᠨ ᠪᠦᠷᠢᠳᠬᠡᠯ ᠲᠡᠢ ᠠᠵᠢᠯ ᠦᠭᠡᠢ ᠢᠷᠭᠡᠳ ᠦᠨ ᠲᠣᠭ᠎ᠠ 25 ᠮᠢᠩᠭ᠎ᠠ ᠣᠷᠴᠢᠮ ᠪᠠᠶᠢᠨ᠎ᠠ᠃ ᠡᠳᠡᠭᠡᠷ ᠬᠦᠮᠦᠰ ᠦᠨ ᠳᠡᠶᠢᠯᠦᠩᠬᠢ ᠨᠢ 25-34 ᠨᠠᠰᠤᠨ ᠤ ᠵᠠᠯᠠᠭᠤᠴᠤᠳ᠃ ᠭᠡᠲᠡᠯ᠎ᠡ ᠬᠥᠳᠡᠯᠮᠦᠷᠢ ᠶᠢᠨ ᠪᠢᠷᠵᠢ ᠳᠡᠭᠡᠷ᠎ᠡ 35 ᠮᠢᠩᠭᠠᠨ ᠠᠵᠢᠯ ᠤᠨ ᠪᠠᠶᠢᠷᠢᠨ ᠤ ᠵᠠᠷ ᠭᠠᠷᠤᠭᠰᠠᠨ ᠪᠠᠶᠢᠳᠠᠭ ᠶᠤᠮ ᠪᠠᠶᠢᠨ᠎ᠠ᠃ ᠠᠵᠢᠯ ᠬᠢᠬᠦ  ᠬᠦᠰᠡᠯ  ᠢᠶᠡᠨ ᠢᠯᠡᠷᠬᠡᠶᠢᠯᠡᠵᠦ ᠪᠦᠷᠢᠳᠬᠡᠭᠦᠯᠦᠭᠰᠡᠨ ᠠᠵᠢᠯᠭᠦᠶᠢᠴᠦᠳ ᠦᠨ ᠲᠣᠭᠠᠨ ᠠᠴᠠ ᠠᠵᠢᠯ ᠤᠨ ᠪᠠᠶᠢᠷᠢᠨ ᠤ ᠲᠣᠭ᠎ᠠ ᠳᠠᠷᠤᠢ 10 ᠮᠢᠩᠭ᠎ᠠ ᠪᠠᠷ ᠢᠯᠡᠭᠦᠦ ᠪᠠᠶᠢᠨ᠎ᠠ᠃
ᠡᠨᠳᠡ ᠭᠠᠷᠴᠤ ᠪᠠᠶᠢᠭ᠎ᠠ ᠭᠣᠣᠯ ᠪᠡᠷᠬᠡᠰᠢᠶᠡᠯ ᠨᠢ ᠮᠡᠷᠭᠡᠵᠢᠯ ᠦᠨ ᠤᠷ᠎ᠠ ᠴᠢᠳᠠᠪᠤᠷᠢ᠂ ᠬᠥᠳᠡᠯᠮᠦᠷᠢ ᠶᠢᠨ ᠡᠪ ᠳᠦᠢ ᠶᠤᠮ᠃ ᠠᠵᠢᠯ ᠣᠯᠭᠤᠭᠴᠢᠳ ᠮᠡᠷᠭᠡᠵᠢᠯ ᠲᠡᠢ ᠠᠵᠢᠯᠲᠠᠨ ᠤᠯᠳᠠᠬᠤ ᠦᠭᠡᠢ ᠪᠠᠶᠢᠭ᠎ᠠ ᠶᠢ ᠪᠠᠶᠢᠩᠭᠤ ᠬᠡᠯᠡᠳᠡᠭ᠃ ᠮᠠᠨ ᠤ ᠪᠣᠯᠪᠠᠰᠤᠷᠠᠯ ᠤᠨ ᠲᠣᠭᠲᠠᠯᠴᠠᠭ᠎ᠠ ᠬᠥᠳᠡᠯᠮᠦᠷᠢ ᠶᠢᠨ ᠵᠠᠬ᠎ᠠ ᠵᠡᠭᠡᠯᠢ ᠶᠢᠨ ᠡᠷᠢᠯᠲᠡ ᠨᠡᠶᠢᠯᠡᠭᠦᠯᠦᠯᠲᠡ ᠶᠢᠨ ᠪᠣᠳᠣᠯᠭ᠎ᠠ᠂ ᠲᠥᠯᠥᠪᠯᠡᠯᠲᠡ ᠶᠢ ᠲᠣᠭᠠᠴᠠᠭᠠᠯᠠᠯ ᠦᠭᠡᠢ ᠪᠡᠷ ᠵᠢᠯ ᠪᠦᠷᠢ ᠠᠵᠢᠯᠭᠦᠶᠢᠴᠦᠳ ᠦᠨ ᠡᠩᠨᠡᠭᠡ ᠶᠢ ᠥᠷᠭᠡᠳᠬᠡᠭᠰᠡᠭᠡᠷ ᠪᠠᠶᠢᠭ᠎ᠠ ᠶᠢ ᠥᠭᠡᠷᠡᠴᠢᠯᠡᠬᠦ ᠴᠠᠭ ᠪᠣᠯᠤᠭᠰᠠᠨ᠃ ᠡᠭᠦᠨ ᠦ ᠲᠤᠯᠠᠳᠠ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠢ ᠪᠣᠳᠣᠯᠭ᠎ᠠ ᠪᠠᠷ ᠳᠡᠮᠵᠢᠵᠦ ᠪᠠᠶᠢᠭ᠎ᠠ ᠨᠢ ᠦᠷ᠎ᠡ ᠦᠭᠭᠦᠭᠡᠵᠢ ᠪᠡᠨ ᠥᠭᠴᠦ ᠪᠠᠶᠢᠨ᠎ᠠ᠃ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠦᠨ ᠲᠥᠪ ᠲᠦ ᠡᠷᠢᠯᠲᠡ ᠲᠡᠢ ᠮᠡᠷᠭᠡᠵᠢᠯ ᠡᠵᠡᠮᠰᠢᠭᠰᠡᠨ ᠬᠦᠮᠦᠨ᠂ ᠳᠡᠭᠡᠳᠦ ᠰᠤᠷᠭᠠᠭᠤᠯᠢ ᠶᠢ ᠬᠠᠮᠤᠭ ᠤᠨ ᠲᠦᠭᠡᠮᠡᠯ ᠮᠡᠷᠭᠡᠵᠢᠯ ᠢᠶᠡᠷ ᠲᠡᠭᠦᠰᠦᠭᠰᠡᠨ ᠬᠦᠮᠦᠨ ᠬᠣᠶᠠᠷ ᠤᠨ ᠠᠵᠢᠯ ᠳᠤ ᠤᠷᠤᠬᠤ ᠮᠠᠭᠠᠳᠯᠠᠯ 99᠄1᠍ ᠶᠢᠨ ᠬᠠᠷᠢᠴᠠᠭ᠎ᠠ ᠲᠠᠢ ᠪᠣᠯᠵᠠᠢ ᠭᠡᠳ 18 ᠨᠠᠰᠤᠲᠠᠢ ᠡ᠊∙ᠠᠭᠤᠵᠢᠮᠰᠡᠳᠭᠢᠯ  ᠤᠨ ᠨᠢᠭᠡᠨ ᠠᠳᠠᠯᠢ ᠪᠠᠷ ᠡᠷᠬᠢᠯᠡᠵᠦ ᠪᠠᠶᠢᠭ᠎ᠠ ᠠᠵᠢᠯ᠂ ᠡᠵᠡᠮᠰᠢᠭᠰᠡᠨ ᠮᠡᠷᠭᠡᠵᠢᠯ ᠳᠦ ᠪᠡᠨ ᠭᠠᠷᠭᠠᠭᠤᠨ ᠪᠣᠯᠵᠤ᠂ ᠶᠡᠬᠡ ᠶᠢ ᠬᠢᠵᠦ ᠪᠦᠲᠦᠭᠡᠬᠦ ᠶᠢ ᠵᠠᠯᠠᠭᠤᠴᠤᠳ ᠲᠤ ᠪᠠᠨ ᠤᠷᠢᠶᠠᠯᠠᠯ᠎ᠠ᠃

ᠰᠡᠳᠬᠢᠭᠳᠡᠯ ᠦᠯᠡᠳᠡᠭᠡᠬᠦ