ᠰᠢᠨ᠎ᠡ ᠵᠢᠯ ᠦᠨ ᠪᠠᠶᠠᠷ᠂ ᠠᠮᠠᠷᠠᠯᠲᠠ ᠶᠢᠨ ᠡᠳᠦᠷ ᠦᠳ ᠲᠦ ᠨᠡᠶᠢᠲᠡ ᠶᠢᠨ ᠬᠡᠪ ᠵᠢᠷᠤᠮ ᠰᠠᠬᠢᠭᠤᠯᠬᠤ᠂ ᠣᠯᠠᠨ ᠨᠡᠶᠢᠲᠡ ᠶᠢᠨ ᠠᠶᠤᠯᠭᠦᠢ ᠪᠠᠶᠢᠳᠠᠯ ᠢ ᠬᠠᠩᠭᠠᠬᠤ᠂ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ᠂ ᠵᠠᠮ ᠤᠨ ᠬᠥᠳᠡᠯᠭᠡᠭᠡᠨ ᠦ ᠠᠶᠤᠯᠭᠦᠢ ᠪᠠᠶᠢᠳᠠᠯ ᠢ ᠬᠠᠩᠭᠠᠬᠤ ᠵᠣᠷᠢᠯᠭ᠎ᠠ ᠪᠠᠷ ᠴᠠᠭᠳᠠᠭ᠎ᠠ ᠶᠢᠨ ᠶᠡᠷᠦᠩᠬᠡᠢ ᠭᠠᠵᠠᠷ ᠠᠴᠠ ︽ᠰᠢᠨ᠎ᠡ ᠵᠢᠯ-2018︾ ᠨᠢᠭᠡᠳᠦᠭᠰᠡᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠪᠠᠶᠢᠨ᠎ᠠ᠃
ᠡᠨᠡᠬᠦ ᠠᠷᠭ᠎ᠠ ᠬᠡᠮᠵᠢᠶᠡᠨ ᠳᠦ ᠬᠠᠤᠯᠢ ᠰᠠᠬᠢᠭᠤᠯᠬᠤ ᠶᠡᠬᠡ ᠰᠤᠷᠭᠠᠭᠤᠯᠢ ᠶᠢᠨ ᠴᠠᠭᠳᠠᠭ᠎ᠠ ᠶᠢᠨ ᠰᠤᠷᠭᠠᠭᠤᠯᠢ᠂ ᠠᠬᠠᠯᠠᠭᠴᠢ ᠶᠢᠨ ᠰᠤᠷᠭᠠᠭᠤᠯᠢ ᠶᠢᠨ 800 ᠰᠣᠨᠣᠰᠤᠭᠴᠢ ᠡᠨᠡ ᠰᠠᠷ᠎ᠠ ᠶᠢᠨ 25 ᠡᠴᠡ ᠡᠬᠢᠯᠡᠨ ᠬᠦᠴᠦ ᠨᠡᠮᠡᠭᠳᠡᠭᠦᠯᠦᠨ ᠡᠭᠦᠷᠭᠡ ᠭᠦᠢᠴᠡᠳᠭᠡᠵᠦ ᠪᠠᠶᠢᠨ᠎ᠠ᠃ ᠰᠣᠨᠣᠰᠤᠭᠴᠢᠳ ᠨᠡᠶᠢᠰᠯᠡᠯ ᠦᠨ ᠳᠡᠭᠦᠷᠭᠡ ᠨᠦᠭᠦᠳ ᠤᠨ ᠴᠠᠭᠳᠠᠭ᠎ᠠ ᠶᠢᠨ ᠬᠡᠯᠲᠡᠰ ᠪᠣᠯᠤᠨ ᠡᠷᠭᠢᠭᠦᠯ ᠬᠠᠮᠠᠭᠠᠯᠠᠯᠲᠠ ᠶᠢᠨ ᠭᠠᠵᠠᠷ ᠲᠤ ᠬᠤᠪᠢᠶᠠᠷᠢᠯᠠᠭᠳᠠᠨ ᠠᠵᠢᠯᠯᠠᠵᠤ ᠪᠠᠶᠢᠭ᠎ᠠ ᠶᠤᠮ᠃