ᠬ∙ ᠪᠠᠲᠤᠲᠤᠯᠭ᠎ᠠ᠄ 2019 ᠤᠨ ︽ᠡᠷᠡᠰ ᠰᠢᠨᠡᠴᠢᠯᠡᠯ ᠦᠨ ᠵᠢᠯ︾ ᠪᠣᠯᠬᠤ ᠪᠣᠯᠤᠨ᠎ᠠ | News.MN

ᠬ∙ ᠪᠠᠲᠤᠲᠤᠯᠭ᠎ᠠ᠄ 2019 ᠤᠨ ︽ᠡᠷᠡᠰ ᠰᠢᠨᠡᠴᠢᠯᠡᠯ ᠦᠨ ᠵᠢᠯ︾ ᠪᠣᠯᠬᠤ ᠪᠣᠯᠤᠨ᠎ᠠ

ᠬᠠᠭᠤᠴᠢᠨ ᠣᠨ ᠢᠶᠠᠨ ᠦᠳᠡᠵᠦ᠂ ᠰᠢᠨ᠎ᠡ ᠣᠨ ᠢᠶᠠᠨ ᠤᠭᠲᠤᠬᠤ ᠲᠣᠷᠭᠠᠨ ᠮᠥᠴᠡ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠠᠷᠠᠳ ᠲᠦᠮᠡᠨ ᠳᠦ ᠪᠡᠨ ᠬᠠᠨᠳᠤᠵᠤ᠂ ᠮᠡᠨᠳᠦᠴᠢᠯᠡᠭᠡ ᠳᠡᠪᠰᠢᠭᠦᠯᠦᠭᠰᠡᠨ ᠢ ᠪᠦᠷᠢᠨ ᠡᠬᠢ ᠪᠡᠷ ᠨᠢ ᠬᠦᠷᠭᠡᠵᠦ ᠪᠠᠶᠢᠨ᠎ᠠ᠃
᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎   ᠮᠣᠩᠭᠣᠯ ᠤᠯᠤᠰ ᠤᠨ ᠳᠥᠷᠪᠡᠨ ᠵᠦᠭ᠂ ᠨᠠᠢᠮᠠᠨ ᠵᠣᠪᠬᠢᠰ ᠲᠤ ᠠᠮᠢᠳᠤᠷᠠᠨ ᠰᠠᠭᠤᠭ᠎ᠠ ᠬᠦᠨᠳᠤᠲᠤ ᠠᠷᠠᠳ ᠢᠷᠭᠡᠳ ᠡ᠃ ᠳᠠᠶᠠᠩ ᠳᠡᠯᠡᠬᠡᠢ ᠳᠦ ᠲᠠᠷᠬᠠᠨ ᠰᠠᠭᠤᠷᠢᠰᠢᠭᠰᠠᠨ ᠮᠣᠩᠭᠣᠯ ᠲᠤᠭᠤᠷᠭᠠᠲᠠᠨ ᠨᠤᠭᠤᠳ ᠡ᠄ ᠣᠨ ᠰᠣᠯᠢᠭᠳᠠᠬᠤ ᠲᠣᠷᠭᠠᠨ ᠮᠥᠴᠡ ᠢᠷᠡᠯ᠎ᠡ᠃ ᠮᠣᠩᠭᠣᠯᠴᠤᠳ ᠪᠢᠳᠡ ᠭᠤᠷᠪᠠᠳᠠᠬᠢ ᠮᠢᠩᠭᠠᠨ ᠤ ᠠᠷᠪᠠᠨ  ᠨᠠᠢᠮᠠᠳᠠᠬᠢ ᠣᠨ ᠢᠶᠠᠨ ᠦᠳᠡᠵᠦ᠂ ᠢᠷᠡᠭᠡᠳᠦᠢ ᠪᠡᠨ ᠳᠠᠷᠬᠠᠯᠠᠨ ᠪᠦᠲᠦᠭᠡᠬᠦ 2019 ᠣᠨ ᠢ ᠤᠭᠲᠤᠵᠤ ᠪᠠᠶᠢᠨ᠎ᠠ᠃ ᠤᠯᠠᠷᠢᠨ ᠣᠳᠴᠤ ᠪᠤᠢ 2018 ᠣᠨ ᠳᠤ ᠪᠢᠳᠡ ᠤᠯᠤᠰ ᠲᠥᠷᠥ ᠡᠳ᠋ ᠦᠨ ᠵᠠᠰᠠᠭ ᠤᠨ ᠠᠮᠠᠷ ᠦᠭᠡᠢ ᠰᠣᠷᠢᠯᠲᠠ᠂ ᠰᠢᠯᠭᠠᠭᠤᠷ ᠢ ᠳᠠᠪᠠᠨ ᠲᠤᠭᠤᠯᠵᠤ᠂ ᠢᠲᠡᠭᠡᠯᠴᠡᠯ᠂ ᠡᠪ ᠨᠢᠭᠡᠳᠦᠯ ᠢᠶᠡᠨ ᠪᠠᠲᠤᠳᠬᠠᠭᠰᠠᠨ ᠵᠢᠯ ᠪᠣᠯᠤᠯ᠎ᠠ᠃ ᠮᠣᠩᠭᠣᠯ ᠤᠯᠤᠰ ᠤᠨ ᠲᠡᠦᠬᠡ ᠨᠢᠭᠡᠨ ᠣᠨ ᠢᠶᠠᠷ ᠨᠡᠮᠡᠭᠳᠡᠪᠡ᠃ 2019 ᠣᠨ ︽ᠡᠷᠡᠰ ᠰᠢᠨᠡᠴᠢᠯᠡᠯ ᠦᠨ ᠵᠢᠯ︾ ᠪᠣᠯᠬᠤ ᠪᠣᠯᠤᠨ᠎ᠠ᠃ ᠠᠷᠠᠳ ᠲᠦᠮᠡᠨ ᠦ ᠣᠷᠣᠯᠴᠠᠭ᠎ᠠ᠂ ᠳᠡᠮᠵᠢᠯᠭᠡ ᠪᠡᠷ ︽ᠡᠷᠡᠰ ᠰᠢᠨᠡᠴᠢᠯᠡᠯ︾ ᠦᠨ ᠦᠷ᠎ᠡ ᠳ᠋ᠦᠩ ᠳᠦ ᠮᠣᠩᠭᠣᠯ ᠤᠯᠤᠰ ᠲᠤ ᠬᠦᠴᠦᠷᠬᠡᠭ ᠲᠥᠷᠥ᠂ ᠬᠠᠤᠯᠢ ᠶᠢᠨ ᠵᠠᠰᠠᠭᠯᠠᠯ᠂ ᠰᠢᠳᠤᠷᠭᠤ ᠶᠣᠰᠣ ᠢᠯᠠᠨ ᠮᠠᠨᠳᠤᠵᠤ ᠢᠷᠭᠡᠨ ᠪᠦᠷᠢ ᠪᠠᠶᠠᠯᠢᠭ ᠤᠨ ᠢᠶᠠᠨ ᠡᠵᠡᠨ ᠪᠠᠶᠢᠬᠤ ᠪᠣᠯᠤᠨ᠎ᠠ᠃ ᠪᠢᠳᠡᠨ ᠳᠦ ᠠᠤᠭ᠎ᠠ ᠭᠠᠶᠢᠬᠠᠮᠰᠢᠭᠲᠤ ᠡᠪᠦᠭᠡ ᠳᠡᠭᠡᠳᠦᠰ ᠦᠨ ᠣᠶᠤᠨ ᠤᠬᠠᠭᠠᠨ᠂ ᠵᠣᠷᠢᠭ ᠲᠡᠪᠴᠢᠶᠡᠷᠢ᠂ ᠠᠪᠬᠠᠯᠵᠢ ᠰᠠᠮᠪᠠᠭ᠎ᠠ᠂ ᠪᠢᠷ᠎ᠠ ᠴᠢᠳᠠᠯ ᠪᠤᠢ᠃ ᠮᠣᠩᠭᠣᠯ ᠬᠦᠮᠦᠨ ᠦ ᠣᠶᠤᠨ ᠤᠬᠠᠭᠠᠨ ᠳᠡᠯᠡᠬᠡᠢ ᠶᠢᠨ ᠣᠶᠤᠨ ᠤ ᠰᠫᠣᠷᠲ ᠢ ᠮᠠᠩᠯᠠᠶᠢᠯᠠᠵᠤ ᠪᠠᠶᠢᠨ᠎ᠠ᠃
ᠮᠢᠩᠭᠠᠨ ᠢᠶᠠᠷ ᠥᠷᠲᠡᠭᠡᠯᠡᠭᠰᠡᠨ ᠲᠥᠷᠥ ᠶᠢᠨ ᠢᠶᠡᠨ ᠭᠣᠯᠣᠮᠲᠠ ᠶᠢ ᠡᠨᠡ ᠴᠠᠭ ᠦᠶ᠎ᠡ ᠳᠦ ᠪᠠᠳᠠᠷᠠᠭᠠᠭᠴᠢᠳ ᠪᠢᠳᠡ ᠢᠷᠡᠭᠡᠳᠦᠢ ᠳᠦ ᠴᠡᠩᠨᠡᠭᠳᠡᠬᠦ ᠲᠡᠦᠬᠡ ᠪᠡᠨ ᠡᠳᠦᠭᠡ ᠪᠦᠲᠦᠭᠡᠵᠦ ᠪᠠᠶᠢᠨ᠎ᠠ᠃ ᠮᠢᠨᠤ ᠪᠡᠶ᠎ᠡ ᠣᠨ ᠰᠣᠯᠢᠭᠳᠠᠬᠤ ᠡᠨᠡ ᠠᠯᠲᠠᠨ ᠭᠱᠠᠨ ᠳᠤ᠂ ᠬᠦᠨᠳᠦᠲᠦ ᠠᠷᠠᠳ ᠢᠷᠭᠡᠳ᠂ ᠳᠡᠯᠡᠬᠡᠢ ᠳᠠᠶᠠᠭᠠᠷ ᠰᠠᠭᠤᠷᠢᠰᠢᠭᠰᠠᠨ ᠮᠣᠩᠭᠣᠯ ᠲᠤᠭᠤᠷᠭᠠᠲᠠᠨ ᠨᠤᠭᠤᠳ ᠲᠠ ᠪᠦᠬᠦᠨ ᠳᠦ ᠪᠡᠨ᠂ ᠣᠨ ᠰᠣᠯᠢᠭᠳᠠᠬᠤ ᠮᠥᠴᠡ ᠳᠦ ᠴᠤ ᠭᠡᠰᠡᠨ ᠡᠷᠭᠦᠭᠰᠡᠨ ᠲᠠᠩᠭᠠᠷᠢᠭ ᠲᠤ ᠪᠠᠨ ᠦᠨᠡᠨᠴᠢ ᠪᠡᠷ ᠡᠬᠡ ᠣᠷᠣᠨ ᠤ ᠪᠠᠨ ᠳᠠᠷᠬᠠᠨ ᠬᠢᠯᠢ ᠶᠢ ᠮᠠᠨᠠᠵᠤ ᠪᠤᠢ ᠬᠢᠯᠢᠴᠢᠳ᠂ ᠴᠡᠷᠢᠭ ᠳᠠᠶᠢᠴᠢᠳ᠂ ᠠᠯᠪᠠᠨ ᠡᠭᠦᠷᠭᠡ ᠪᠡᠨ ᠭᠦᠢᠴᠡᠳᠭᠡᠵᠦ ᠪᠤᠢ ᠡᠮᠴᠢ ᠰᠤᠪᠢᠯᠠᠭᠴᠢ᠂ ᠴᠠᠭᠳᠠᠭ᠎ᠠ᠂ ᠣᠨᠴᠠᠭᠠᠢ ᠪᠠᠶᠢᠳᠠᠯ ᠤᠨ ᠠᠯᠪᠠᠨ ᠬᠠᠭᠠᠭᠴᠢᠳ ᠲᠤ᠂ ᠲᠢᠪ ᠳᠡᠯᠡᠬᠡᠢ ᠳᠦ ᠡᠩᠬᠡ ᠲᠠᠶᠢᠪᠤᠩ ᠲᠣᠭᠲᠠᠭᠠᠬᠤ ᠦᠢᠯᠡᠰ ᠲᠦ ᠬᠦᠴᠦᠨ ᠵᠢᠳᠬᠦᠵᠦ ᠪᠤᠢ ᠡᠩᠬᠡ ᠶᠢ ᠰᠠᠬᠢᠭᠤᠯᠤᠭᠴᠢ ᠳᠠᠶᠢᠴᠢᠳ ᠲᠤ᠂ ᠡᠬᠡ ᠣᠷᠣᠨ ᠢᠶᠠᠨ ᠲᠥᠯᠥᠭᠡᠯᠡᠨ ᠮᠠᠨ ᠤ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠶᠢᠨ ᠭᠠᠵᠠᠷ ᠤᠳ᠂ ᠣᠯᠠᠨ ᠤᠯᠤᠰ ᠤᠨ ᠪᠠᠶᠢᠭᠤᠯᠤᠯᠭ᠎ᠠ ᠶᠢᠨ ᠲᠥᠯᠥᠭᠡᠯᠡᠭᠴᠢᠳ᠂ ᠬᠠᠮᠲᠤ ᠣᠯᠠᠨ᠂ ᠨᠡᠶᠢᠲᠡ ᠠᠷᠠᠳ ᠢᠷᠭᠡᠳ ᠲᠠ ᠪᠦᠬᠦᠨ ᠳᠦ ᠪᠡᠨ ᠰᠢᠨ᠎ᠡ ᠣᠨ ᠤ ᠮᠡᠨᠳᠦ ᠬᠦᠷᠭᠡᠶ᠎ᠡ! ᠰᠢᠨ᠎ᠡ ᠣᠨ ᠳᠤ ᠠᠶᠢᠯ ᠪᠦᠬᠦᠨ ᠠᠵᠠ ᠵᠢᠷᠭᠠᠯ ᠢᠶᠠᠷ ᠳᠦᠭᠦᠷᠡᠩ᠂ ᠬᠦᠮᠦᠨ ᠪᠦᠷᠢ ᠬᠦᠰᠡᠯ ᠵᠣᠷᠢᠯᠭ᠎ᠠ ᠪᠠᠨ ᠪᠡᠶᠡᠯᠡᠭᠦᠯᠦᠭᠰᠡᠨ᠂ ᠠᠮᠵᠢᠯᠲᠠ ᠪᠦᠲᠦᠭᠡᠯ ᠢᠶᠡᠷ ᠠᠷᠪᠢᠨ᠂ ᠡᠷᠡᠭᠦᠯ ᠡᠩᠬᠡ ᠪᠠᠶᠢᠬᠤ ᠶᠢᠨ ᠥᠯᠵᠡᠶᠢᠲᠡᠢ ᠢᠷᠦᠭᠡᠯ ᠢ ᠡᠷᠭᠦᠨ ᠳᠡᠪᠰᠢᠭᠦᠯᠦᠶ᠎ᠡ! ᠬᠣᠶᠠᠷ ᠮᠢᠩᠭᠠᠨ ᠤ ᠲᠡᠦᠬᠡ ᠲᠡᠢ ᠮᠣᠩᠭᠣᠯ ᠲᠥᠷᠥ ᠥᠨᠢ ᠮᠥᠩᠬᠡ ᠬᠦᠴᠦᠷᠬᠡᠭᠵᠢᠨ ᠮᠠᠨᠳᠤᠵᠤ᠂ ᠮᠣᠩᠭᠣᠯ ᠲᠦᠮᠡᠨ ᠦ ᠬᠡᠶᠢᠮᠣᠷᠢ ᠵᠠᠶᠠᠭ᠎ᠠ ᠶᠢ ᠢᠪᠡᠭᠡᠨ ᠪᠠᠳᠠᠷᠠᠭᠠᠬᠤ ᠪᠣᠯᠲᠤᠭᠠᠢ!

ᠰᠡᠳᠬᠢᠭᠳᠡᠯ ᠦᠯᠡᠳᠡᠭᠡᠬᠦ