ᠮᠣᠩᠭᠣᠯ ᠤᠯᠤᠰ ᠤᠨ ᠶᠡᠷᠦᠩᠬᠡᠢ ᠰᠠᠶᠢᠳ ᠤᠬᠤᠨ᠎ᠠ ᠶᠢᠨ ᠬᠦᠷᠡᠯᠰᠦ᠋ᠬᠡ ᠶᠢᠨ 2019 ᠣᠨ ᠤ ᠰᠢᠨ᠎ᠡ ᠵᠢᠯ ᠦᠨ ᠮᠡᠨᠳᠦᠴᠢᠯᠡᠭᠡ
ᠮᠣᠩᠭᠣᠯ ᠡᠬᠡ ᠣᠷᠣᠨ ᠤ ᠪᠠᠨ ᠠᠭᠤᠳᠠᠮ ᠨᠤᠲᠤᠭ ᠲᠤ ᠠᠵᠢᠯᠯᠠᠵᠤ ᠠᠮᠢᠳᠤᠷᠠᠵᠤ ᠪᠠᠶᠢᠭ᠎ᠠ ᠡᠷᠬᠢᠮ ᠬᠦᠨᠳᠦᠲᠦ ᠠᠷᠠᠳ ᠢᠷᠭᠡᠳ ᠡ᠂ ᠡᠬᠡ ᠨᠤᠲᠤᠭ ᠠᠴᠠ ᠪᠠᠨ ᠠᠯᠤᠰ ᠬᠣᠯᠠ᠂ ᠥᠷᠭᠡᠨ ᠳᠡᠯᠡᠬᠡᠢ ᠶᠢᠨ ᠥᠨᠴᠥᠭ ᠪᠤᠯᠤᠩ ᠪᠦᠷᠢ ᠳᠦ ᠠᠮᠢᠳᠤᠷᠠᠨ ᠰᠠᠭᠤᠭ᠎ᠠ ᠡᠯᠢᠭᠡ ᠨᠢᠭᠡᠲᠦ ᠠᠬᠠᠨ ᠳᠡᠭᠦᠦᠰ ᠡ᠂ ᠲᠠ ᠪᠦᠬᠦᠨ ᠳᠦ ᠪᠡᠨ ᠰᠢᠨ᠎ᠡ ᠣᠨ ᠤ ᠪᠠᠶᠠᠷ ᠤᠨ ᠮᠡᠨᠳᠦ ᠶᠢ ᠬᠦᠷᠭᠡᠵᠦ᠂ ᠠᠶᠢᠯ ᠡᠷᠦᠬᠡ ᠪᠦᠬᠦᠨ ᠳᠦ ᠠᠵᠠ ᠵᠢᠷᠭᠠᠯ᠂ ᠬᠠᠮᠤᠭ ᠤᠨ ᠰᠠᠶᠢᠨ ᠰᠠᠶᠢᠬᠠᠨ ᠪᠦᠬᠦᠨ ᠢ ᠴᠢᠩ ᠰᠡᠳᠬᠢᠯ ᠡᠴᠡ ᠪᠡᠨ ᠬᠦᠰᠡᠨ ᠢᠷᠦᠭᠡᠶ᠎ᠡ᠃
ᠴᠠᠭ ᠬᠤᠭᠤᠴᠠᠭᠠᠨ ᠤ ᠲᠡᠦᠬᠡ ᠪᠣᠯᠤᠨ ᠤᠯᠠᠷᠢᠨ ᠣᠳᠴᠤ ᠪᠠᠶᠢᠭ᠎ᠠ 2018 ᠣᠨ ᠪᠣᠯ ᠠᠮᠢᠳᠤᠷᠠᠯ ᠥᠷᠨᠢᠵᠦ᠂ ᠠᠵᠢᠯ ᠤᠨᠳᠤᠷᠤᠭᠰᠠᠨ ᠵᠢᠯ ᠪᠠᠶᠢᠯ᠎ᠠ᠃ ᠮᠣᠩᠭᠣᠯᠴᠤᠳ ᠪᠢᠳᠡ ᠴᠢᠮᠠᠯᠠᠬᠤ ᠪᠠᠷ ᠦᠭᠡᠢ ᠣᠯᠤᠯᠲᠠ ᠠᠮᠵᠢᠯᠲᠠ ᠭᠠᠷᠭᠠᠵᠤ᠂ ᠲᠡᠦᠬᠡᠨ ᠪᠦᠲᠦᠭᠡᠨ ᠪᠠᠶᠢᠭᠤᠯᠤᠯᠲᠠ ᠶᠢᠨ ᠠᠵᠢᠯ ᠤᠳ ᠢ ᠡᠬᠢᠯᠡᠭᠦᠯᠵᠦ ᠴᠢᠳᠠᠯ᠎ᠠ᠃ ᠲᠥᠷᠥ ᠤᠯᠤᠰ ᠤᠨ ᠦᠨᠳᠦᠰᠦ ᠪᠣᠯᠤᠭᠰᠠᠨ ᠠᠶᠢᠯ ᠡᠷᠦᠬᠡ ᠨᠦᠭᠦᠳ ᠮᠠᠨᠢ 80 ᠣᠷᠴᠢᠮ ᠮᠢᠩᠭᠠᠨ ᠦᠷ᠎ᠡ ᠬᠡᠦᠬᠡᠳ ᠢᠶᠡᠷ ᠠᠮᠠ ᠪᠦᠯᠢ ᠪᠡᠨ ᠨᠡᠮᠡᠵᠦ ᠮᠣᠩᠭᠣᠯᠴᠤᠳ ᠪᠢᠳᠡ ᠤᠯᠠᠮ ᠣᠯᠠᠭᠤᠯᠠ ᠪᠠᠨ ᠪᠣᠯᠤᠯ᠎ᠠ᠃ ᠮᠠᠯᠴᠢᠨ ᠲᠦᠮᠡᠨ ᠦ ᠮᠠᠨᠢ ᠨᠥᠷᠢ ᠶᠡᠬᠡ ᠬᠥᠳᠡᠯᠮᠦᠷᠢ ᠶᠢᠨ ᠦᠷ᠎ᠡ ᠳ᠋ᠦᠩ ᠳᠦ ᠪᠤᠶᠠᠨᠲᠤ ᠮᠠᠯ ᠰᠦᠷᠦᠭ ᠦᠨ ᠲᠣᠭ᠎ᠠ 67 ᠰᠠᠶ᠎ᠠ ᠳᠤ ᠬᠦᠷᠦᠯ᠎ᠡ ᠃
ᠮᠣᠩᠭᠣᠯ ᠤᠯᠤᠰ ᠤᠨ ᠡᠳ᠋ ᠦᠨ ᠵᠠᠰᠠᠭ ᠤᠨ ᠪᠣᠳᠠᠲᠤ ᠥᠰᠦᠯᠲᠡ 2016 ᠣᠨ ᠳᠤ 1.2 ᠬᠤᠪᠢ ᠳᠤ ᠬᠦᠷᠴᠦ ᠤᠨᠠᠵᠤ ᠪᠠᠶᠢᠭᠰᠠᠨ ᠪᠣᠯ 2017 ᠣᠨ ᠳᠤ 5.8 ᠬᠤᠪᠢ᠂ 2018 ᠣᠨ ᠳᠤ 6.4 ᠬᠤᠪᠢ ᠳᠤ ᠬᠦᠷᠴᠦ ᠡᠳ᠋ ᠍ ᠦᠨ ᠵᠠᠰᠠᠭ ᠲᠠᠰᠤᠷᠠᠯᠲᠠ ᠦᠭᠡᠢ ᠥᠰᠦᠨ ᠳᠡᠪᠵᠢᠵᠦ ᠪᠠᠶᠢᠨ᠎ᠠ᠃
ᠭᠠᠳᠠᠭᠠᠳᠤ ᠸᠠᠯᠢᠶᠤᠲ ᠤᠨ ᠨᠥᠭᠡᠴᠡ 2016 ᠣᠨ ᠳᠤ 1 ᠲᠡᠷᠪᠤᠮ ᠳ᠋ᠣᠯᠯᠠᠷ ᠲᠤ ᠬᠦᠷᠴᠦ ᠤᠨᠠᠵᠤ ᠪᠠᠶᠢᠭᠰᠠᠨ ᠪᠣᠯ 2018 ᠣᠨ ᠤ ᠡᠴᠦᠰ ᠲᠦ 3.5 ᠲᠡᠷᠪᠤᠮ ᠳ᠋ᠣᠯᠯᠠᠷ ᠪᠣᠯᠵᠤ ᠥᠰᠦᠨ ᠨᠡᠮᠡᠭᠳᠡᠯ᠎ᠡ᠃ ᠣᠯᠠᠨ ᠤᠯᠤᠰ ᠤᠨ ᠵᠢᠭᠡᠯᠡᠵᠢᠬᠦ ᠵᠡᠷᠭᠡᠯᠡᠯ ᠦᠨ ᠦᠨᠡᠯᠡᠭᠡᠨ ᠦ ᠠᠭ᠍ᠸᠨᠲᠯᠢᠭ ᠤᠳ ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠢ ᠳᠠᠬᠢᠨ ᠨᠡᠮᠡᠭᠳᠡᠭᠦᠯᠵᠦ ᠦᠨᠡᠯᠡᠯ᠎ᠡ᠃ ᠢᠩᠭᠢᠬᠦ ᠳᠦ ᠪᠡᠨ ᠮᠣᠩᠭᠣᠯ ᠤᠯᠤᠰ ᠤᠨ ᠡᠳ᠋ ᠦᠨ ᠵᠠᠰᠠᠭ ᠲᠤ ᠬᠦᠴᠦᠲᠡᠢ ᠰᠡᠷᠭᠦᠯᠲᠡ ᠠᠵᠢᠭᠯᠠᠭᠳᠠᠵᠤ ᠪᠠᠶᠢᠨ᠎ᠠ ᠭᠡᠰᠡᠨ ᠳ᠋ᠦᠩᠨᠡᠯᠲᠡ ᠶᠢ ᠦᠨᠳᠦᠰᠦᠯᠡᠯ ᠪᠣᠯᠭᠠᠭᠰᠠᠨ ᠢ ᠣᠨᠴᠠᠯᠠᠨ ᠬᠡᠯᠡᠶ᠎ᠡ᠃ ᠮᠣᠩᠭᠣᠯ ᠤᠯᠤᠰ ᠤᠨ ᠵᠠᠰᠠᠭ ᠤᠨ ᠭᠠᠵᠠᠷ ᠲᠡᠦᠬᠡᠨ ᠪᠦᠲᠦᠭᠡᠨ ᠪᠠᠶᠢᠭᠤᠯᠤᠯᠲᠠ ᠪᠣᠯᠬᠤ ᠨᠧᠹᠲ ᠪᠣᠯᠪᠠᠰᠤᠷᠠᠭᠤᠯᠬᠤ ᠦᠢᠯᠡᠳᠪᠦᠷᠢ ᠶᠢᠨ ᠳᠡᠳ᠋ ᠪᠦᠲᠦᠴᠡ ᠶᠢᠨ ᠠᠵᠢᠯ ᠢ ᠵᠣᠷᠢᠭ ᠭᠠᠷᠭᠠᠨ ᠰᠢᠭᠤᠷᠬᠠᠢ ᠡᠬᠢᠯᠡᠭᠦᠯᠦᠭᠰᠡᠨ ᠵᠢᠯ ᠪᠠᠶᠢᠯ᠎ᠠ᠃ ᠥᠨᠥᠳᠥᠷ ᠲᠤᠰ ᠦᠢᠯᠡᠳᠪᠦᠷᠢ ᠶᠢᠨ ᠳᠡᠳ᠋ ᠪᠦᠲᠦᠴᠡ ᠶᠢᠨ ᠠᠵᠢᠯ ᠪᠣᠯᠬᠤ ᠴᠠᠬᠢᠯᠭᠠᠨ ᠳᠠᠮᠵᠢᠭᠤᠯᠬᠤ ᠠᠭᠠᠷ ᠤᠨ ᠱᠤᠭᠤᠮ᠂ ᠲᠡᠮᠦᠷ ᠵᠠᠮ᠂ ᠠᠦ᠋ᠲ᠋ᠣ᠋ ᠵᠠᠮ ᠤᠨ ᠠᠵᠢᠯ 50-90 ᠬᠤᠪᠢ ᠶᠢᠨ ᠭᠦᠢᠴᠡᠳᠬᠡᠯ ᠲᠡᠢ ᠪᠠᠶᠢᠨ᠎ᠠ᠃ ᠨᠢᠭᠡ ᠵᠢᠯ ᠦᠨ ᠬᠤᠭᠤᠴᠠᠭᠠᠨ ᠳᠤ ᠪᠢᠳᠡ ᠴᠢᠮᠠᠯᠠᠬᠤ ᠪᠠᠷ ᠦᠭᠡᠢ ᠠᠵᠢᠯ ᠢ ᠬᠢᠵᠦ ᠬᠡᠷᠡᠭᠵᠢᠭᠦᠯᠵᠡᠢ᠃ ᠤᠯᠠᠭᠠᠨᠪᠠᠭᠠᠲᠤᠷ ᠬᠣᠲᠠ ᠶᠢᠨ 1.5 ᠰᠠᠶ᠎ᠠ ᠢᠷᠭᠡᠨ ᠦ ᠡᠷᠡᠭᠦᠯ ᠮᠡᠨᠳᠦ᠂ ᠪᠠᠶᠢᠭᠠᠯᠢ ᠣᠷᠴᠢᠨ ᠤ ᠲᠤᠯᠭᠠᠮᠳᠠᠭᠰᠠᠨ ᠠᠰᠠᠭᠤᠳᠠᠯ ᠪᠣᠯ ᠲᠥᠪ ᠴᠡᠪᠡᠷᠯᠡᠬᠦ ᠪᠠᠶᠢᠭᠤᠯᠤᠮᠵᠢ ᠶᠤᠮ᠃ ᠰᠡᠭᠦᠯ ᠦᠨ 20 ᠭᠠᠷᠤᠢ ᠵᠢᠯ ᠰᠢᠢᠳᠦᠭᠳᠡᠭᠡ ᠦᠭᠡᠢ ᠡᠨᠡ ᠠᠰᠠᠭᠤᠳᠠᠯ ᠢ ᠵᠠᠰᠠᠭ ᠤᠨ ᠭᠠᠵᠠᠷ ᠣᠨᠴᠠᠭᠠᠢ ᠠᠩᠬᠠᠷᠴᠤ᠂ ᠰᠢᠨ᠎ᠡ ᠲᠥᠪ ᠴᠡᠪᠡᠷᠯᠡᠬᠦ ᠪᠠᠶᠢᠭᠤᠯᠤᠮᠵᠢ ᠪᠠᠷᠢᠬᠤ ᠲᠥᠰᠥᠯ ᠦᠨ ᠠᠵᠢᠯ ᠢ ᠡᠬᠢᠯᠡᠭᠦᠯᠵᠦ ᠴᠢᠳᠠᠯ᠎ᠠ᠃
ᠮᠣᠩᠭᠣᠯ ᠤᠯᠤᠰ ᠤᠨ ᠨᠡᠶᠢᠲᠡ ᠬᠦᠮᠦᠨ ᠠᠮᠠ ᠶᠢᠨ 50 ᠬᠤᠪᠢ ᠨᠢ ᠤᠮᠳᠠᠭᠠᠯᠠᠬᠤ ᠴᠡᠪᠡᠷ ᠤᠰᠤᠨ ᠤ ᠨᠥᠭᠡᠴᠡ ᠨᠡᠮᠡᠭᠳᠡᠭᠦᠯᠬᠦ ᠲᠤᠯᠭᠠᠮᠳᠠᠭᠰᠠᠨ ᠠᠰᠠᠭᠤᠳᠠᠯ ᠢ ᠰᠢᠢᠳᠦᠯ᠎ᠡ᠃ ᠤᠯᠠᠷᠢᠨ ᠣᠳᠴᠤ ᠪᠤᠢ 2018 ᠣᠨ ᠳᠤ ᠮᠣᠩᠭᠣᠯ ᠤᠯᠤᠰ ︽ᠬᠦᠨᠡᠰᠦ ᠡᠺᠰᠫᠤᠷᠲᠯᠤᠭᠴᠢ ᠣᠷᠣᠨ︾ ᠪᠣᠯᠤᠨ᠎ᠠ ᠭᠡᠰᠡᠨ ᠵᠣᠷᠢᠯᠲᠠ ᠪᠠᠨ ᠠᠯᠬᠤᠮ ᠠᠯᠬᠤᠮ ᠢᠶᠠᠷ ᠬᠡᠷᠡᠭᠵᠢᠭᠦᠯᠵᠦ ᠡᠬᠢᠯᠡᠯ᠎ᠡ᠃ ᠵᠠᠰᠠᠭ ᠤᠨ ᠭᠠᠵᠠᠷ ᠠᠴᠠ ᠲᠠᠷᠢᠶᠠᠯᠠᠩᠴᠢᠳ ᠲᠤ ᠪᠠᠨ ᠪᠣᠳᠣᠯᠭ᠎ᠠ ᠶᠢᠨ ᠳᠡᠮᠵᠢᠯᠭᠡ ᠡᠷᠴᠢᠮᠲᠡᠢ ᠦᠵᠡᠭᠦᠯᠦᠭᠰᠡᠨ ᠦ ᠦᠷ᠎ᠡ ᠳ᠋ᠦᠩ ᠳᠦ ᠮᠣᠩᠭᠣᠯᠴᠤᠳ ᠪᠢᠳᠡ ᠤᠯᠠᠭᠠᠨ ᠪᠤᠭᠤᠳᠠᠢ ᠪᠣᠯᠤᠨ ᠲᠥᠮᠦᠰᠦᠨ ᠦ ᠬᠡᠷᠡᠭᠴᠡᠭᠡ ᠪᠡᠨ 100 ᠬᠤᠪᠢ ᠳᠣᠲᠣᠭᠠᠳᠤ ᠳᠤ ᠪᠠᠨ ᠬᠠᠩᠭᠠᠵᠤ ᠴᠢᠳᠠᠯ᠎ᠠ᠃ ᠰᠡᠭᠦᠯ ᠦᠨ 20 ᠵᠢᠯ ᠰᠢᠢᠳᠦᠭᠳᠡᠭᠡ ᠦᠭᠡᠢ ᠪᠠᠶᠢᠭᠰᠠᠨ ︽ᠭᠠᠵᠠᠷ ᠲᠠᠷᠢᠶᠠᠯᠠᠩ ᠤᠨ ᠪᠥᠰᠡ ᠨᠤᠲᠤᠭ︾ ᠢ ᠵᠠᠷᠯᠠᠵᠤ᠂ ᠡᠷᠴᠢᠮᠵᠢᠭᠰᠡᠨ ᠮᠠᠯ ᠠᠵᠤ ᠠᠬᠤᠢ ᠶᠢ ᠨᠡᠭᠦᠳᠡᠯ ᠦᠨ ᠮᠠᠯ ᠠᠵᠤ ᠠᠬᠤᠢ ᠲᠠᠢ ᠬᠣᠣᠰᠯᠠᠭᠤᠯᠤᠨ ᠬᠥᠭᠵᠢᠭᠦᠯᠬᠦ ᠵᠣᠷᠢᠯᠲᠠ ᠶᠢ ᠴᠤ ᠬᠡᠷᠡᠭᠵᠢᠭᠦᠯᠵᠦ ᠡᠬᠢᠯᠡᠯ᠎ᠡ᠃
ᠡᠷᠬᠢᠮ ᠬᠦᠨᠳᠦᠲᠦ ᠨᠡᠶᠢᠲᠡ ᠠᠷᠠᠳ ᠢᠷᠭᠡᠳ ᠡ᠂ 2018 ᠣᠨ ᠪᠣᠯ ᠰᠢᠳᠤᠷᠭᠤ ᠶᠣᠰᠣᠨ ᠤ ᠲᠥᠯᠦᠭᠡᠬᠢ ᠰᠠᠯᠬᠢ ᠰᠡᠪᠢᠯᠵᠡᠭᠰᠡᠨ ᠣᠨ ᠵᠢᠯ ᠪᠠᠶᠢᠯ᠎ᠠ᠃ ᠢᠷᠡᠵᠦ ᠪᠤᠢ 2019 ᠣᠨ ᠳᠤ ᠨᠡᠶᠢᠭᠡᠮ ᠤᠨ ᠰᠢᠳᠤᠷᠭᠤ ᠶᠣᠰᠣ ᠶᠢ ᠪᠡᠬᠢᠵᠢᠭᠦᠯᠬᠦ᠂ ᠬᠠᠤᠯᠢ ᠶᠣᠰᠣ᠂ ᠳᠢᠭ ᠵᠢᠷᠤᠮ ᠲᠣᠭᠲᠠᠭᠠᠬᠤ ᠶᠢᠨ ᠲᠥᠯᠦᠭᠡᠬᠢ ᠦᠢᠯᠡ ᠬᠡᠷᠡᠭ ᠤᠯᠠᠮ ᠡᠷᠴᠢᠲᠡᠢ ᠦᠷᠨᠢᠬᠦ ᠪᠣᠯᠤᠨ᠎ᠠ᠃ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠨᠡᠶᠢᠲᠡ ᠠᠷᠠᠳ ᠢᠷᠭᠡᠳ᠂ ᠲᠠ ᠪᠢᠳᠡᠨ ᠦ ᠡᠮᠦᠨ᠎ᠡ ᠲᠤᠯᠭᠠᠷᠠᠵᠤ ᠪᠠᠶᠢᠭ᠎ᠠ ᠴᠢᠬᠤᠯᠠ ᠠᠴᠠ ᠴᠢᠬᠤᠯᠠ ᠠᠵᠢᠯ ᠪᠣᠯ ᠲᠥᠷᠥ ᠤᠯᠤᠰ ᠲᠤ ᠪᠠᠨ ᠬᠠᠷᠢᠭᠤᠴᠠᠯᠭ᠎ᠠ ᠳᠢᠭ ᠵᠢᠷᠤᠮ ᠲᠣᠭᠲᠠᠭᠠᠬᠤ ᠶᠠᠪᠤᠳᠠᠯ ᠶᠤᠮ᠃ ᠮᠣᠩᠭᠣᠯ ᠬᠦᠮᠦᠨ ᠪᠦᠷᠢ ᠠᠶᠤᠬᠤ ᠠᠶᠤᠯ ᠦᠭᠡᠢ᠂ ᠡᠷᠬᠡ ᠴᠢᠯᠦᠭᠡᠲᠦ᠂ ᠰᠢᠳᠤᠷᠭᠤ ᠨᠡᠶᠢᠭᠡᠮ ᠳᠦ ᠠᠮᠢᠳᠤᠷᠠᠬᠤ ᠤᠴᠢᠷᠲᠠᠢ᠃ ᠲᠥᠷᠥ ᠳᠦ ᠪᠤᠭᠯᠠᠭᠰᠠᠨ ᠤᠲᠤᠭ᠎ᠠ ᠮᠠᠨᠠᠨ ᠢ ᠠᠷᠢᠯᠭᠠᠬᠤ᠂ ᠮᠣᠩᠭᠣᠯ ᠬᠦᠮᠦᠨ ᠡᠬᠡ ᠣᠷᠣᠨ ᠤ ᠪᠠᠨ ᠪᠠᠶᠠᠯᠢᠭ ᠲᠤ ᠡᠵᠡᠨ ᠪᠠᠶᠢᠬᠤ᠂ ᠰᠢᠳᠤᠷᠭᠤ ᠨᠡᠶᠢᠭᠡᠮ ᠤᠨ ᠲᠥᠯᠦᠭᠡᠬᠢ ᠲᠡᠮᠡᠴᠡᠯ ᠢᠶᠡᠨ ᠴᠢᠨᠠᠭᠰᠢᠳᠠ ᠨᠢᠴᠤᠯᠲᠠ ᠦᠭᠡᠢ ᠦᠷᠭᠦᠯᠵᠢᠯᠡᠭᠦᠯᠦᠨ᠎ᠡ ᠭᠡᠳᠡᠭ ᠢᠶᠡᠨ ᠪᠠᠶᠠᠷ ᠤᠨ ᠡᠨᠡ ᠡᠳᠦᠷ ᠪᠢ ᠳᠠᠬᠢᠨ ᠬᠡᠯᠡᠬᠦ ᠶᠢ ᠬᠦᠰᠡᠵᠦ ᠪᠠᠶᠢᠨ᠎ᠠ᠃ ᠡᠭᠡᠯ ᠵᠢᠷ ᠦᠨ ᠢᠷᠭᠡᠳ ᠦᠨ ᠪᠣᠳᠣᠯ ᠤᠨ ᠵᠠᠩᠭᠢᠯᠠᠭ᠎ᠠ᠂ ᠬᠦᠰᠡᠯ ᠲᠡᠮᠡᠤᠯᠤᠯ᠂ ᠨᠢᠭᠡᠳᠦᠮᠡᠯ ᠨᠢᠭᠡ ᠬᠦᠴᠦ ᠡᠴᠡ ᠢᠯᠡᠭᠦᠦ ᠭᠠᠷᠬᠤ ᠬᠦᠴᠦ ᠬᠥᠮᠥᠨ ᠦ ᠠᠮᠢᠳᠤᠷᠠᠯ ᠳᠤ ᠦᠭᠡᠢ ᠪᠢᠯᠡ᠃
2019 ᠣᠨ ᠮᠣᠩᠭᠣᠯᠴᠤᠳ ᠪᠢᠳᠡᠨ ᠦ ᠬᠤᠪᠢ ᠳᠤ ᠠᠮᠵᠢᠯᠲᠠ ᠪᠦᠲᠦᠭᠡᠯ ᠢᠶᠡᠨ ᠪᠠᠲᠤᠳᠬᠠᠭᠰᠠᠨ᠂ ᠠᠯᠳᠠᠭ᠎ᠠ ᠳᠤᠲᠠᠭᠳᠠᠯ ᠢᠶᠠᠨ ᠵᠠᠰᠠᠭᠰᠠᠨ᠂ ᠡᠳ᠋ ᠍ ᠦᠨ ᠵᠠᠰᠠᠭ ᠢᠶᠠᠨ ᠥᠰᠬᠡᠭᠰᠡᠨ᠂ ᠡᠷᠬᠡ ᠴᠢᠯᠦᠭᠡ᠂ ᠰᠢᠳᠤᠷᠭᠤ ᠶᠣᠰᠣ ᠶᠢ ᠪᠡᠬᠢᠵᠢᠭᠦᠯᠦᠭᠰᠡᠨ ᠣᠨ ᠪᠠᠶᠢᠬᠤ ᠪᠣᠯᠤᠨ᠎ᠠ ᠠ᠋᠃ ᠣᠨ ᠰᠣᠯᠢᠭᠳᠠᠬᠤ ᠡᠨᠡᠬᠦ ᠲᠣᠷᠭᠠᠨ ᠴᠠᠭ ᠮᠥᠴᠡ ᠳᠦ ᠳᠠᠷᠬᠠᠨ ᠬᠢᠯᠢ ᠪᠡᠨ ᠮᠠᠨᠠᠵᠤ ᠪᠠᠶᠢᠭ᠎ᠠ ᠡᠷ᠎ᠡ ᠵᠤᠷᠢᠭᠲᠤ ᠬᠢᠯᠢᠴᠢᠳ᠂ ᠡᠩᠬᠡ ᠶᠢ ᠰᠠᠬᠢᠭᠤᠯᠬᠤ ᠦᠢᠯᠡᠰ ᠲᠦ ᠤᠯᠤᠰ ᠢᠶᠠᠨ ᠲᠥᠯᠥᠭᠡᠯᠡᠨ ᠵᠢᠳᠬᠦᠵᠦ ᠪᠤᠢ ᠡᠷᠡᠯᠬᠡᠭ ᠳᠠᠶᠢᠴᠢᠳ᠂ ᠬᠦᠮᠦᠨ ᠠᠷᠠᠳ ᠤᠨ ᠢᠶᠠᠨ ᠡᠷᠡᠭᠦᠯ ᠮᠡᠨᠳᠦ ᠶᠢᠨ ᠮᠠᠨᠠᠭᠠᠨ ᠳᠤ ᠵᠣᠭᠰᠣᠵᠤ ᠪᠠᠶᠢᠭ᠎ᠠ ᠡᠮᠴᠢ᠂ ᠰᠤᠪᠢᠯᠠᠭᠴᠢ᠂ ᠡᠮᠨᠡᠯᠭᠡ ᠶᠢᠨ ᠠᠵᠢᠯᠲᠠᠨ ᠨᠤᠭᠤᠳ᠂ ᠤᠯᠤᠰ ᠣᠷᠣᠨ᠂ ᠢᠷᠭᠡᠳ ᠦᠨ ᠢᠶᠡᠨ ᠠᠶᠤᠯᠭᠦᠢ ᠪᠠᠶᠢᠳᠠᠯ ᠢ ᠬᠠᠩᠭᠠᠨ ᠠᠵᠢᠯᠯᠠᠵᠤ ᠪᠠᠶᠢᠭ᠎ᠠ ᠴᠡᠷᠢᠭ᠂ ᠴᠠᠭᠳᠠᠭ᠎ᠠ᠂ ᠣᠨᠴᠠᠭᠠᠢ ᠪᠠᠶᠢᠳᠠᠯ ᠤᠨ ᠬᠢᠨ ᠳᠤ ᠪᠠᠨ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠬᠤᠪᠢ ᠳᠤ ᠲᠤᠰᠬᠠᠶᠢᠯᠠᠨ ᠪᠠᠶᠠᠷ ᠬᠦᠷᠭᠡᠵᠦ ᠭᠦᠨ ᠲᠠᠯᠠᠷᠬᠠᠯ ᠢᠯᠡᠷᠬᠡᠶᠢᠯᠡᠶ᠎ᠡ᠃
ᠢᠷᠡᠵᠦ ᠪᠤᠢ ᠰᠢᠨ᠎ᠡ ᠣᠨ ᠳᠤ ᠪᠠᠨ ᠢᠷᠭᠡᠨ ᠪᠦᠷ ᠠᠵᠠ ᠵᠢᠷᠭᠠᠯ᠂ ᠢᠨᠢᠶᠡᠳᠦ ᠬᠥᠷ ᠢᠶᠡᠷ ᠳᠦᠭᠦᠷᠡᠩ ᠪᠠᠶᠢᠬᠤ ᠶᠢᠨ ᠢᠷᠦᠭᠡᠯ ᠡᠷᠭᠦᠵᠦ᠂ ᠡᠬᠡ ᠣᠷᠣᠨ ᠨᠢᠭᠡᠲᠦ ᠠᠬᠠᠨ ᠳᠠᠭᠦᠦᠰ ᠲᠠ ᠪᠦᠬᠦᠨ ᠳᠦ ᠪᠡᠨ ᠰᠢᠨ᠎ᠡ ᠵᠢᠯ ᠦᠨ ᠪᠠᠶᠠᠷ ᠤᠨ ᠮᠡᠨᠳᠦ ᠶᠢ ᠳᠠᠬᠢᠨ ᠳᠡᠪᠰᠢᠭᠦᠯᠦᠶ᠎ᠡ᠃ ᠪᠤᠭᠤᠷᠤᠯ ᠳᠡᠭᠡᠳᠦᠰ ᠦᠨ ᠴᠣᠭ ᠬᠡᠶᠢᠮᠣᠷᠢ ᠲᠦᠰᠢᠵᠦ᠂ ᠪᠤᠷᠬᠠᠨ ᠬᠠᠯᠳᠤᠨ ᠠᠭᠤᠯᠠ ᠶᠢᠨ ᠨᠣᠶᠠᠨ ᠣᠷᠭᠢᠯ ᠮᠣᠩᠭᠣᠯᠴᠤᠳ ᠪᠢᠳᠡᠨ ᠢ ᠮᠦᠩᠬᠡᠳᠡ ᠢᠪᠡᠭᠡᠬᠦ ᠪᠣᠯᠲᠤᠭᠠᠢ᠃