ᠤᠭ᠍ᠶᠤᠲᠤᠯᠤᠭᠠᠢ ᠳᠤ ᠡᠷᠴᠢᠮ ᠬᠦᠴᠦ ᠨᠡᠶᠢᠯᠡᠭᠦᠯᠵᠦ ᠡᠬᠢᠯᠡᠨ᠎ᠡ | News.MN

ᠤᠭ᠍ᠶᠤᠲᠤᠯᠤᠭᠠᠢ ᠳᠤ ᠡᠷᠴᠢᠮ ᠬᠦᠴᠦ ᠨᠡᠶᠢᠯᠡᠭᠦᠯᠵᠦ ᠡᠬᠢᠯᠡᠨ᠎ᠡ

ᠡᠷᠴᠢᠮ ᠬᠦᠴᠦᠨ ᠦ ᠰᠠᠶᠢᠳ ᠼ∙ᠳᠠᠸᠠᠰᠦ᠋ᠷᠦᠩ ᠥᠨᠥᠳᠥᠷ ᠵᠠᠰᠠᠭ ᠤᠨ ᠭᠠᠵᠠᠷ ᠤᠨ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢᠨ ᠲᠠᠯ᠎ᠠ ᠪᠠᠷ ᠰᠡᠳᠬᠦᠯᠴᠢᠳ ᠲᠦ ᠮᠡᠳᠡᠭᠡᠯᠡᠯ ᠥᠭᠭᠦᠯ᠎ᠡ᠃ ᠲᠡᠷᠡ ᠪᠡᠷ ᠤᠭ᠍ᠶᠤᠲᠤᠯᠤᠭᠠᠢ  ᠶᠢ ᠡᠷᠴᠢᠮ ᠬᠦᠴᠢ ᠪᠡᠷ ᠬᠠᠩᠭᠠᠬᠤ 300 ᠮᠸᠭᠢᠸᠠᠲ ᠤᠨ ᠴᠠᠬᠢᠯᠭᠠᠨ ᠰᠲ᠋ᠠᠨᠼ 2023 ᠣᠨ ᠤ ᠵᠢᠷᠭᠤᠳᠤᠭᠠᠷ ᠰᠠᠷ᠎ᠠ ᠳᠤ ᠠᠰᠢᠭᠯᠠᠯᠲᠠ ᠳᠤ ᠣᠷᠣᠬᠤ ᠪᠠᠷ ᠬᠣᠶᠠᠷ ᠲᠠᠯ᠎ᠠ ᠲᠣᠬᠢᠷᠠᠯᠴᠠᠵᠤ᠂ ᠭᠡᠷ᠎ᠡ ᠪᠠᠶᠢᠭᠤᠯᠤᠭᠰᠠᠨ᠃ ᠭᠡᠷ᠎ᠡ ᠳᠦ  ᠲᠤᠰᠤᠭᠰᠠᠨ ᠥᠭᠡᠷ᠎ᠡ ᠨᠢᠭᠡ ᠴᠢᠬᠤᠯᠠ ᠠᠰᠠᠭᠤᠳᠠᠯ ᠪᠣᠯ᠂ 2020 ᠣᠨ ᠠᠴᠠ ᠡᠬᠢᠯᠡᠭᠡᠳ ᠤᠭ᠍ᠶᠤᠲᠤᠯᠤᠭᠠᠢ  ᠶᠢᠨ ᠡᠷᠴᠢᠮ ᠬᠦᠴᠦᠨ ᠦ ᠬᠡᠷᠡᠭᠯᠡᠭᠡᠨ ᠦ ᠲᠣᠳᠣᠷᠬᠠᠢ ᠬᠡᠰᠡᠭ ᠢ ᠳᠣᠲᠣᠭᠠᠳᠤ ᠠᠴᠠ ᠪᠠᠨ ᠬᠠᠩᠭᠠᠬᠤ ᠶᠠᠪᠤᠳᠠᠯ ᠭᠡᠪᠡ ᠃
ᠮᠡᠳᠡᠭᠡᠯᠡᠯ ᠦᠨ ᠳᠠᠷᠠᠭ᠎ᠠ ᠰᠡᠳᠬᠦᠯᠴᠢᠳ ᠦᠨ ᠠᠰᠠᠭᠤᠯᠲᠠ ᠳᠤ ᠳᠠᠷᠠᠭᠠᠬᠢ ᠬᠠᠷᠢᠭᠤᠯᠲᠠ ᠶᠢ ᠥᠭᠭᠦᠭᠰᠡᠨ ᠶᠤᠮ᠃
– ᠴᠠᠬᠢᠯᠭᠠᠨ ᠰᠲ᠋ᠠᠨᠼ ᠪᠠᠷᠢᠭᠳᠠᠭᠰᠠᠨ ᠢᠶᠠᠷ ᠭᠠᠷᠬᠤ ᠡᠳ᠋ ᠍ ᠦᠨ ᠵᠠᠰᠠᠭ ᠤᠨ ᠦᠷ᠎ᠡ ᠦᠭᠭᠦᠭᠡᠵᠢ ᠶᠢ ᠬᠡᠷᠬᠢᠨ ᠲᠥᠰᠦᠭᠡᠯᠡᠵᠦ ᠪᠠᠶᠢᠨ᠎ᠠ︖
– ᠶᠡᠷᠦ ᠨᠢ ᠤᠭ᠍ᠶᠤᠲᠤᠯᠤᠭᠠᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠡᠷᠴᠢᠮ ᠬᠦᠴᠦᠨ ᠦ ᠬᠡᠷᠡᠭᠯᠡᠭᠡ ᠪᠡᠨ 100 ᠬᠤᠪᠢ ᠬᠠᠩᠭᠠᠭᠰᠠᠭᠠᠷ ᠢᠷᠡᠭᠰᠡᠨ᠃ ᠵᠢᠯ ᠳᠦ ᠪᠡᠨ 160-170 ᠰᠠᠶ᠎ᠠ ᠳ᠋ᠣᠯᠯᠠᠷ ᠪᠣᠯᠳᠠᠭ᠃ ᠤᠭ᠍ᠶᠤᠲᠤᠯᠤᠭᠠᠢ ᠶᠢᠨ ᠡᠷᠴᠢᠮ ᠬᠦᠴᠦᠨ ᠦ ᠬᠡᠷᠡᠭᠯᠡᠭᠡ ᠨᠢ ᠮᠠᠨ ᠤ ᠤᠯᠤᠰ ᠤᠨ ᠨᠡᠶᠢᠲᠡ ᠬᠡᠷᠡᠭᠯᠡᠭᠡᠨ ᠦ 20 ᠬᠤᠪᠢ ᠲᠠᠢ ᠲᠡᠩᠴᠡᠳᠡᠭ᠃ ᠡᠶᠢᠮᠦ ᠲᠣᠮᠣ ᠵᠠᠬ᠎ᠠ ᠵᠡᠭᠡᠯᠢ ᠪᠠᠶᠢᠨ᠎ᠠ ᠭᠡᠰᠡᠨ ᠦᠭᠡ᠃ ᠳᠣᠲᠣᠭᠠᠳᠤ ᠳᠤ ᠪᠠᠨ ᠴᠠᠬᠢᠯᠭᠠᠨ ᠰᠲ᠋ᠠᠨᠼ ᠪᠠᠶᠢᠭᠤᠯᠤᠭᠰᠠᠨ ᠢᠶᠠᠷ ᠵᠢᠯ ᠳᠦ ᠪᠡᠨ 200 ᠭᠠᠷᠤᠢ ᠰᠠᠶ᠎ᠠ ᠳ᠋ᠣᠯᠯᠠᠷ ᠢ ᠠᠪᠴᠤ ᠦᠯᠡᠳᠡᠬᠦ ᠪᠣᠯᠤᠮᠵᠢ ᠲᠠᠢ᠃
– ᠤᠭ᠍ᠶᠤᠲᠤᠯᠤᠭᠠᠢ ᠶᠢᠨ ᠴᠠᠬᠢᠯᠭᠠᠨ ᠰᠲ᠋ᠠᠨᠼ ᠪᠠᠷᠢᠭᠳᠠᠬᠤ ᠠᠵᠢᠯ ᠳᠡᠭᠡᠷ᠎ᠡ ᠲᠥᠷᠥ ᠡᠴᠡ ᠰᠢᠯᠲᠠᠭᠠᠯᠠᠭᠰᠠᠨ ᠠᠵᠢᠯ ᠤᠳ ᠶᠡᠷᠦᠩᠬᠡᠢ ᠳᠦ ᠪᠡᠨ ᠵᠢᠭᠳᠡᠷᠡᠭᠰᠡᠨ ᠭᠡᠵᠦ ᠣᠶᠢᠯᠠᠭᠠᠵᠤ ᠪᠣᠯᠬᠤ ᠤᠤ︖
– ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠶᠡᠷᠦᠩᠬᠡᠢ ᠭᠡᠷ᠎ᠡ ᠨᠢ ᠳᠡᠮᠵᠢᠭᠳᠡᠯ᠎ᠡ᠃ ᠣᠳᠣ ᠱᠠᠲᠤ ᠳᠠᠷᠠᠭ᠎ᠠ ᠲᠠᠢ ᠠᠵᠢᠯ ᠤᠳ ᠦᠷᠭᠦᠯᠵᠢᠯᠡᠨ᠎ᠡ᠃ ᠲᠣᠳᠣᠷᠬᠠᠢ ᠬᠡᠯᠡᠴᠡᠯ ᠦᠳ ᠬᠢᠭᠳᠡᠵᠦ᠂ ᠪᠠᠶᠢᠭᠠᠯᠢ ᠣᠷᠴᠢᠨ᠂ ᠤᠰᠤᠨ ᠤ ᠦᠨᠡᠯᠡᠭᠡ ᠬᠢᠭᠳᠡᠨ᠎ᠡ᠃ ᠬᠥᠷᠥᠩᠭᠡ ᠣᠷᠣᠭᠤᠯᠤᠭᠴᠢᠳ ᠤᠨ ᠳᠤᠮᠳᠠ ᠪᠠᠰᠠ ᠭᠡᠷ᠎ᠡ ᠪᠠᠶᠢᠭᠤᠯᠤᠭᠳᠠᠨ᠎ᠠ᠃ ᠢᠩᠭᠢᠵᠦ ᠶᠠᠪᠤᠭᠰᠠᠭᠠᠷ 2020 ᠣᠨ ᠳᠤ ᠴᠠᠬᠢᠯᠭᠠᠨ ᠰᠲ᠋ᠠᠨᠼ ᠪᠠᠷᠢᠭᠳᠠᠵᠤ ᠡᠬᠢᠯᠡᠬᠦ ᠶᠤᠮ᠃ ᠬᠤᠭᠤᠴᠠᠭ᠎ᠠ ᠶᠢ ᠨᠢ  ᠭᠡᠷ᠎ᠡ ᠳᠦ ᠲᠣᠳᠣᠷᠬᠠᠢ ᠲᠤᠰᠬᠠᠵᠤ ᠥᠭᠭᠦᠭᠰᠡᠨ ᠪᠠᠶᠢᠭ᠎ᠠ᠃ ᠭᠠᠴᠢᠯᠲᠠ ᠡᠭᠦᠰᠬᠦ ᠦᠭᠡᠢ᠂ ᠭᠡᠷ᠎ᠡ ᠶᠢᠨ ᠬᠦᠷᠢᠶᠡᠨ ᠳᠦ ᠠᠵᠢᠯ ᠶᠠᠪᠤᠭᠳᠠᠨ᠎ᠠ᠃
– ᠢᠷᠡᠬᠦ ᠵᠢᠯ ᠡᠴᠡ ᠤᠭ᠍ᠶᠤᠲᠤᠯᠤᠭᠠᠢ  ᠳᠤ ᠮᠠᠨ ᠤ ᠤᠯᠤᠰ ᠶᠠᠭ ᠬᠡᠳᠦᠢ ᠬᠡᠮᠵᠢᠶᠡᠨ ᠦ ᠡᠷᠴᠢᠮ ᠬᠦᠴᠦ ᠨᠡᠶᠢᠯᠡᠭᠦᠯᠵᠦ ᠡᠬᠢᠯᠡᠬᠦ ᠪᠤᠢ︖
– ᠪᠢᠳᠡ ᠪᠠᠶᠢᠭ᠎ᠠ ᠪᠣᠯᠤᠮᠵᠢ ᠠᠴᠠ ᠪᠠᠨ ᠡᠬᠢᠯᠡᠭᠦᠯᠦᠨ᠎ᠡ᠃ ᠡᠬᠢᠨ ᠦ ᠡᠭᠡᠯᠵᠢᠨ ᠳᠦ 20 ᠮᠸᠭᠢᠸᠠᠲ ᠡᠷᠴᠢᠮ ᠬᠦᠴᠦ ᠨᠡᠶᠢᠯᠡᠭᠦᠯᠦᠨ᠎ᠡ᠃ ᠢᠷᠡᠬᠦ ᠵᠢᠯ ᠡᠴᠡ ᠬᠡᠳᠦ ᠬᠡᠳᠦᠨ ᠰᠢᠨ᠎ᠡ ᠡᠬᠢ ᠡᠭᠦᠰᠪᠦᠷᠢ  ᠨᠡᠮᠡᠭᠳᠡᠭᠦᠯᠦᠨ᠎ᠡ᠃ ᠡᠨᠡ ᠬᠦᠷᠢᠶᠡᠨ ᠳᠦ ᠤᠭ᠍ᠶᠤᠲᠤᠯᠤᠭᠠᠢ ᠤᠷᠤᠭᠤ ᠡᠷᠴᠢᠮ ᠬᠦᠴᠦ ᠨᠡᠶᠢᠯᠡᠭᠦᠯᠤᠨ᠎ᠡ ᠭᠡᠰᠡᠨ ᠦᠭᠡ᠃

ᠰᠡᠳᠬᠢᠭᠳᠡᠯ ᠦᠯᠡᠳᠡᠭᠡᠬᠦ