ᠮᠣᠩᠭᠣᠯ ᠤᠯᠤᠰ ᠤᠨ 2018 ᠣᠨ ᠤ ᠲᠡᠷᠢᠭᠦᠨ ᠦ ᠪᠡᠶ᠎ᠡ ᠶᠢᠨ ᠲᠠᠮᠢᠷ ᠰᠫᠣᠷᠲ ᠤᠨ ᠬᠠᠮᠲᠤᠯᠢᠭ ᠰᠢᠯᠭᠠᠷᠠᠭᠤᠯᠬᠤ ᠪᠣᠯᠵᠣᠯᠲᠤ ᠤᠷᠤᠯᠳᠤᠭᠠᠨ ᠤ ᠳ᠋ᠦᠩ ᠭᠠᠷᠴᠤ ᠰᠢᠯᠢᠳᠡᠭ ᠦᠳ ᠲᠣᠳᠣᠷᠠᠯ᠎ᠠ᠃ ᠠᠶᠢᠮᠠᠭ ᠤᠳ ᠠᠴᠠ᠄ ᠪᠠᠶᠠᠨᠬᠣᠩᠭᠣᠷ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ 1 ᠳ᠋ᠤᠭᠡᠷ᠂ ᠲᠥᠪ ᠠᠶᠢᠮᠠᠭ ᠤᠨ ᠴᠢᠨᠳᠠᠮᠤᠨᠢ ᠰᠤᠮᠤ ᠶᠢᠨ ᠳᠤᠯᠠᠭᠠᠨ ᠤ ᠡᠷᠴᠢᠮ ᠬᠦᠴᠦᠨ ᠦ ᠲᠥᠪ 2 ᠳ᠋ᠤᠭᠠᠷ᠂ ᠠᠷᠤᠬᠠᠩᠭᠠᠢ ᠠᠶᠢᠮᠠᠭ ᠤᠨ ᠴᠠᠭᠳᠠᠭ᠎ᠠ ᠶᠢᠨ ᠭᠠᠵᠠᠷ 295 ᠣᠨᠣᠭ᠎ᠠ ᠪᠠᠷ 3 ᠳ᠋ᠤᠭᠠᠷ ᠪᠠᠶᠢᠷᠢ ᠡᠵᠡᠯᠡᠯ᠎ᠡ᠃ ᠬᠠᠷᠢᠨ ᠨᠡᠶᠢᠰᠯᠡᠯ ᠤᠯᠠᠭᠠᠨᠪᠠᠭᠠᠲᠤᠷ ᠬᠣᠲᠠ ᠶᠢᠨ ᠪᠠᠶᠢᠭᠤᠯᠤᠯᠭ᠎ᠠ ᠨᠤᠭᠤᠳ ᠠᠴᠠ᠄ ᠤᠯᠠᠭᠠᠨᠪᠠᠭᠠᠲᠤᠷ ᠬᠣᠲᠠ ᠶᠢᠨ ᠵᠠᠮ ᠤᠨ ᠬᠥᠳᠡᠯᠭᠡᠭᠡᠨ ᠦ ᠤᠳᠤᠷᠢᠳᠤᠯᠭ᠎ᠠ ᠶᠢᠨ ᠲᠥᠪ 307 ᠣᠨᠣᠭ᠎ᠠ ᠪᠠᠷ1 ᠳ᠋ᠤᠭᠡᠷ᠂ ᠪᠠᠶᠠᠩᠭᠤᠤᠯ ᠳᠡᠭᠦᠷᠭᠡ ᠶᠢᠨ 114 ᠳ᠋ᠤᠭᠡᠷ ᠴᠡᠴᠡᠷᠯᠢᠭ 2 ᠳ᠋ᠤᠭᠠᠷ ᠪᠠᠶᠢᠷᠢ ᠳᠤ᠂ ᠪᠠᠶᠠᠩᠭᠤᠤᠯ ᠳᠡᠭᠦᠷᠭᠡ ᠶᠢᠨ 2 ᠳ᠋ᠤᠭᠠᠷ ᠬᠣᠷᠢᠶᠠᠨ ᠤ ᠰᠫᠣᠷᠲ ᠬᠠᠮᠲᠤᠯᠢᠭ 3 ᠳ᠋ᠤᠭᠠᠷ ᠪᠠᠶᠢᠷᠢ ᠳᠤ ᠲᠤᠰ ᠲᠤᠰ ᠰᠢᠯᠭᠠᠷᠠᠭᠰᠠᠨ ᠪᠠᠶᠢᠨ᠎ᠠ᠃
ᠳᠡᠭᠡᠷᠡᠬᠢ ᠤᠷᠤᠯᠳᠤᠭᠠᠨ ᠳᠤ ᠳ∙ᠤᠳᠤᠪᠠᠶᠠᠷ ᠳᠠᠷᠤᠭ᠎ᠠ ᠲᠠᠢ ᠵᠠᠮ ᠤᠨ ᠬᠥᠳᠡᠯᠭᠡᠭᠡᠨ ᠦ ᠤᠳᠤᠷᠢᠳᠤᠯᠭ᠎ᠠ ᠶᠢᠨ ᠲᠥᠪ ᠦᠨ ᠰᠫᠣᠷᠲ ᠬᠠᠮᠲᠤᠯᠢᠭ ᠮᠣᠩᠭᠣᠯ ᠤᠯᠤᠰ ᠤᠨ ᠵᠠᠰᠠᠭ ᠤᠨ ᠭᠠᠵᠠᠷ ᠤᠨ 2009 ᠣᠨ ᠤ 05 ᠳ᠋ᠤᠭᠠᠷ ᠲᠣᠭᠲᠠᠭᠠᠯ ᠢ ᠬᠡᠷᠡᠭᠵᠢᠭᠦᠯᠬᠦ᠂ ᠪᠠᠶᠢᠭᠤᠯᠤᠯᠭ᠎ᠠ ᠬᠠᠮᠲᠤ ᠣᠯᠠᠨ ᠢ ᠪᠡᠶ᠎ᠡ ᠶᠢᠨ ᠲᠠᠮᠢᠷ ᠰᠫᠣᠷᠲ ᠢᠶᠠᠷ ᠲᠣᠭᠲᠠᠮᠠᠯ ᠬᠢᠴᠢᠶᠡᠯᠯᠡᠬᠦ ᠲᠠᠭᠠᠲᠠᠢ ᠨᠥᠬᠥᠴᠡᠯ ᠪᠣᠯᠤᠮᠵᠢ᠂ ᠣᠷᠴᠢᠨ ᠪᠦᠷᠢᠳᠦᠭᠦᠯᠬᠦ᠂ ᠪᠡᠶ᠎ᠡ ᠪᠢᠯᠳᠠᠷ ᠤᠨ ᠰᠤᠶᠤᠯ ᠣᠯᠭᠣᠬᠤ ᠴᠢᠭᠯᠡᠯ ᠢᠶᠡᠷ ᠬᠢᠭᠳᠡᠭᠰᠡᠨ ᠠᠵᠢᠯ ᠤᠳ ᠢᠶᠠᠷ ᠢᠶᠠᠨ 2018 ᠣᠨ ᠤ ︽ ᠤᠯᠤᠰ ᠤᠨ ᠲᠡᠷᠢᠭᠦᠨ ᠦ ᠪᠡᠶ᠎ᠡ ᠶᠢᠨ ᠲᠠᠮᠢᠷ᠂ ᠰᠫᠤᠷᠲ ᠤᠨ ᠬᠠᠮᠲᠤᠯᠢᠭ︾ ᠢᠶᠠᠷ ᠰᠢᠯᠭᠠᠷᠠᠵᠠᠢ ᠭᠡᠵᠦ ᠵᠠᠮ ᠤᠨ ᠬᠥᠳᠡᠯᠭᠡᠭᠡᠨ ᠦ ᠤᠳᠤᠷᠢᠳᠤᠯᠭ᠎ᠠ ᠶᠢᠨ ᠲᠥᠪ ᠡᠴᠡ ᠮᠡᠳᠡᠭᠡᠯᠡᠯ᠎ᠡ᠃