ᠮᠣᠩᠭᠣᠯ ᠪᠠᠩᠬᠢ 22 ᠲᠣᠨ ᠠᠯᠲᠠ ᠬᠤᠳᠠᠯᠳᠤᠨ ᠠᠪᠴᠠᠢ | News.MN

ᠮᠣᠩᠭᠣᠯ ᠪᠠᠩᠬᠢ 22 ᠲᠣᠨ ᠠᠯᠲᠠ ᠬᠤᠳᠠᠯᠳᠤᠨ ᠠᠪᠴᠠᠢ

ᠮᠣᠩᠭᠣᠯ ᠪᠠᠩᠬᠢ 2018 ᠣᠨ ᠳᠤ ᠪᠤᠶᠤ 12 ᠳ᠋ᠤᠭᠠᠷ ᠰᠠᠷ᠎ᠠ ᠶᠢᠨ 31  ᠦ ᠡᠳᠦᠷ ᠦᠨ ᠪᠠᠶᠢᠳᠠᠯ ᠢᠶᠠᠷ ᠨᠡᠶᠢᠲᠡ 22 ᠲᠣᠨ ᠠᠯᠲᠠ ᠬᠤᠳᠠᠯᠳᠤᠨ ᠠᠪᠴᠠᠢ᠃ ᠡᠨᠡ ᠨᠢ ᠡᠮᠦᠨᠡᠬᠢ ᠣᠨ ᠤ ᠮᠥᠨ ᠦᠶ᠎ᠡ ᠳᠦ 20 ᠲᠣᠨ ᠢ ᠠᠪᠴᠤ ᠪᠠᠶᠢᠭᠰᠠᠨ ᠠᠴᠠ 9.5%  ᠪᠠᠷ ᠠᠬᠢᠭᠤ ᠪᠠᠶᠢᠨ᠎ᠠ᠃ ᠡᠶᠢᠨ ᠬᠦ ᠠᠯᠲᠠ ᠬᠤᠳᠠᠯᠳᠤᠨ ᠠᠪᠤᠯᠲᠠ ᠶᠢᠨ ᠳ᠋ᠦᠩ ᠡᠮᠦᠨᠡᠬᠢ ᠣᠨ ᠤ ᠮᠥᠨ ᠦᠶ᠎ᠡ ᠡᠴᠡ ᠳᠠᠪᠠᠵᠤ ᠪᠡᠶᠡᠯᠡᠬᠦ ᠳᠦ 2018 ᠣᠨ ᠤ 6 ᠳ᠋ᠤᠭᠠᠷ ᠰᠠᠷ᠎ᠠ ᠶᠢᠨ 4 ᠡᠴᠡ 10 ᠳ᠋ᠤᠭᠠᠷ ᠰᠠᠷ᠎ᠠ ᠶᠢᠨ 30  ᠤ ᠡᠳᠦᠷ ᠢ ᠳᠠᠭᠤᠰᠲᠠᠯ᠎ᠠ ︽ᠡᠬᠡ ᠣᠷᠣᠨ ᠤ ᠪᠠᠨ ᠠᠯᠲᠠ ᠶᠢ ᠡᠷᠳᠡᠨᠢᠰ ᠦᠨ ᠰᠠᠩ ᠳᠤ ᠪᠠᠨ︾ ᠠᠶᠠᠨ ᠢ ᠤᠯᠤᠰ ᠣᠷᠣᠨ ᠳᠠᠶᠠᠭᠠᠷ ᠠᠮᠵᠢᠯᠲᠠᠲᠠᠢ ᠬᠡᠷᠡᠭᠵᠢᠭᠦᠯᠦᠭᠰᠡᠨ ᠨᠢ ᠡᠶᠡᠷᠭᠦ ᠪᠡᠷ ᠨᠥᠯᠦᠭᠡᠯᠡᠭᠰᠡᠨ ᠪᠠᠶᠢᠨ᠎ᠠ᠃ ᠮᠥᠨ ᠡᠨᠡ ᠣᠨ ᠤ 10 ᠳ᠋ᠤᠭᠠᠷ ᠰᠠᠷ᠎ᠠ ᠶᠢᠨ 15-18 ᠳᠦ ᠣᠷᠣᠨ ᠨᠤᠲᠤᠭ ᠲᠤ ᠪᠤᠶᠤ ᠳᠠᠷᠬᠠᠨ-ᠠᠭᠤᠯᠠ᠂ ᠪᠠᠶᠠᠨᠬᠣᠩᠭᠣᠷ ᠠᠶᠢᠮᠠᠭ ᠲᠤ ᠪᠠᠶᠢᠭᠤᠯᠤᠭᠰᠠᠨ ᠠᠯᠲᠠᠨ ᠤ ᠰᠣᠷᠢᠴᠠ ᠲᠣᠭᠲᠠᠭᠠᠬᠤ᠂ ᠬᠤᠳᠠᠯᠳᠤᠨ ᠠᠪᠬᠤ ᠨᠢᠭᠡ ᠴᠡᠭ ᠦᠨ ᠲᠥᠪ ᠪᠠᠶᠢᠭᠤᠯᠤᠭᠰᠠᠨ ᠨᠢ ᠦᠷ᠎ᠡ ᠳ᠋ᠦᠩ ᠥᠭᠭᠦᠯ᠎ᠡ ᠭᠡᠵᠦ ᠦᠵᠡᠵᠡᠢ᠃

ᠰᠡᠳᠬᠢᠭᠳᠡᠯ ᠦᠯᠡᠳᠡᠭᠡᠬᠦ