ᠶᠡᠬᠡ ᠬᠤᠷᠠᠯ ᠤᠨ ᠳᠠᠷᠤᠭ᠎ᠠ ᠶᠢ ᠤᠭᠴᠠᠷᠠᠭᠤᠯᠬᠤ ᠬᠠᠤᠯᠢ ᠰᠠᠨᠠᠭᠠᠴᠢᠯᠠᠵᠠᠢ | News.MN

ᠶᠡᠬᠡ ᠬᠤᠷᠠᠯ ᠤᠨ ᠳᠠᠷᠤᠭ᠎ᠠ ᠶᠢ ᠤᠭᠴᠠᠷᠠᠭᠤᠯᠬᠤ ᠬᠠᠤᠯᠢ ᠰᠠᠨᠠᠭᠠᠴᠢᠯᠠᠵᠠᠢ

︽ᠤᠯᠤᠰ ᠤᠨ ᠶᠡᠬᠡ ᠬᠤᠷᠠᠯ ᠤᠨ ᠲᠤᠬᠠᠢ︾᠂ ︽ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠤ ᠳᠢᠭ ᠦᠨ ᠲᠤᠬᠠᠢ︾ ᠬᠠᠤᠯᠢ ᠳᠤ ᠨᠡᠮᠡᠯᠲᠡ ᠤᠷᠤᠭᠤᠯᠬᠤ ᠲᠤᠬᠠᠢ ᠶᠡᠷᠦᠩᠬᠡᠶᠢᠯᠡᠭᠴᠢ ᠶᠢᠨ ᠰᠠᠨᠠᠭᠠᠴᠢᠯᠠᠭᠰᠠᠨ ᠬᠠᠤᠯᠢ ᠶᠢᠨ ᠲᠥᠰᠥᠯ ᠢ ᠮᠠᠷᠭᠠᠰᠢ ᠡᠷᠭᠦᠨ ᠪᠠᠷᠢᠬᠤ ᠪᠠᠷ ᠪᠣᠯᠤᠭᠰᠠᠨ ᠲᠤᠬᠠᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠮᠡᠳᠡᠭᠡᠯᠡᠯ ᠬᠢᠯ᠎ᠡ᠃ ᠲᠡᠷᠡ ᠪᠡᠷ᠄ᠮᠣᠩᠭᠣᠯ ᠤᠯᠤᠰ ᠤᠨ ᠶᠡᠷᠦᠩᠬᠡᠶᠢᠯᠡᠭᠴᠢ ᠦᠨᠳᠦᠰᠦᠨ ᠬᠠᠤᠯᠢ ᠳᠤ ᠵᠢᠭᠠᠭᠰᠠᠨ ᠪᠦᠷᠢᠨ ᠡᠷᠬᠡ ᠶᠢᠨ ᠢᠶᠡᠨ ᠬᠦᠷᠢᠶᠡᠨ ᠳᠦ ᠵᠠᠷᠢᠮ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠪᠡᠯᠡᠨ ᠪᠤᠯᠭᠠᠭᠰᠠᠨ᠂ ᠵᠠᠷᠢᠮ ᠨᠢᠭᠡ ᠮᠠᠲ᠋ᠧᠷᠢᠶᠠᠯ ᠳᠤᠲᠠᠭᠤ ᠤᠴᠢᠷ ᠠᠴᠠ ᠮᠠᠷᠭᠠᠰᠢ ︵2018.01.04︶ ᠥᠷᠯᠥᠭᠡ ᠬᠠᠤᠯᠢ ᠶᠢᠨ ᠲᠥᠰᠥᠯ ᠢ ᠡᠷᠭᠦᠨ ᠪᠠᠷᠢᠬᠤ ᠪᠣᠳᠣᠯ ᠲᠠᠢ ᠪᠠᠶᠢᠨ᠎ᠠ ᠭᠡᠰᠡᠨ ᠶᠤᠮ᠃ ᠮᠥᠨ ᠲᠡᠷᠡ ᠪᠡᠷ᠄ ᠬᠠᠤᠯᠢ ᠶᠢᠨ ᠲᠥᠰᠥᠯ ᠢ ᠪᠦᠷᠢᠨ ᠰᠠᠷ᠎ᠠ ᠶᠢᠨ ᠲᠤᠷᠰᠢᠳᠠ ᠠᠯᠪᠠᠨ ᠶᠣᠰᠣᠨ ᠤ ᠸᠧᠪ ᠰᠠᠶᠢᠲ ᠲᠤ ᠪᠠᠶᠢᠷᠢᠰᠢᠭᠤᠯᠤᠨ᠂ ᠬᠡᠯᠡᠯᠴᠡᠭᠦᠯᠭᠡ ᠥᠷᠨᠢᠭᠦᠯᠬᠦ ᠶᠣᠰᠣᠲᠠᠢ ᠪᠠᠶᠢᠳᠠᠭ᠃ ᠡᠨᠡ ᠶᠠᠪᠤᠴᠠ ᠶᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠵᠦᠭ ᠡᠴᠡ ᠪᠦᠲᠦᠨ ᠰᠠᠷ᠎ᠠ ᠶᠢᠨ ᠲᠤᠷᠰᠢᠳᠠ ᠤᠯᠤᠰ ᠤᠨ ᠶᠡᠬᠡ ᠬᠤᠷᠠᠯ ᠬᠤᠷᠠᠯᠳᠤᠭ᠎ᠠ ᠦᠭᠡᠢ᠂ ᠣᠯᠠᠨ ᠨᠡᠶᠢᠲᠡ ᠶᠢᠨ ᠬᠡᠯᠡᠯᠴᠡᠭᠦᠯᠭᠡ ᠶᠠᠪᠤᠭᠳᠠᠭᠰᠠᠨ᠂ ᠬᠠᠤᠯᠢ ᠶᠢᠨ ᠲᠥᠰᠥᠯ ᠢ ᠡᠷᠭᠦᠨ ᠪᠠᠷᠢᠬᠤ ᠨᠥᠬᠥᠴᠡᠯ ᠪᠦᠷᠢᠳᠦᠭᠰᠡᠨ ᠬᠡᠮᠡᠨ ᠦᠵᠡᠭᠰᠡᠨ ᠭᠡᠯ᠎ᠡ᠃
ᠶᠡᠷᠦᠩᠬᠡᠶᠢᠯᠡᠭᠴᠢ ᠶᠢᠨ ᠰᠠᠨᠠᠭᠠᠴᠢᠯᠠᠭᠰᠠᠨ ᠬᠠᠤᠯᠢ ᠶᠢᠨ ᠲᠥᠰᠥᠯ ᠳᠦ ᠵᠠᠰᠠᠭ ᠤᠨ ᠭᠠᠵᠠᠷ ᠤᠨ ᠵᠦᠭ ᠡᠴᠡ ᠬᠣᠶᠠᠷ ᠰᠠᠨᠠᠯ ᠲᠤᠰᠬᠠᠭᠤᠯᠤᠭᠰᠠᠨ ᠠᠵᠡᠢ᠃ ᠲᠤᠬᠠᠶᠢᠯᠠᠪᠠᠯ᠂ ︽ᠤᠯᠤᠰ ᠤᠨ ᠶᠡᠬᠡ ᠬᠤᠷᠠᠯ ᠤᠨ ᠲᠤᠬᠠᠢ︾ ᠬᠠᠤᠯᠢ ᠳᠤ 10.2.6 ᠵᠢᠭᠠᠯᠲᠠ ᠨᠡᠮᠡᠵᠦ᠂ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠣᠯᠠᠩᠬᠢ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠡᠭᠦᠷᠭᠡᠲᠦ ᠠᠵᠢᠯ ᠠᠴᠠ ᠨᠢ ᠴᠢᠯᠦᠭᠡᠯᠡᠬᠦ ᠰᠠᠨᠠᠯ ᠢ ᠠᠯᠪᠠᠨ ᠶᠣᠰᠣᠭᠠᠷ ᠲᠠᠯᠪᠢᠵᠤ᠂ ᠲᠣᠭᠲᠠᠭᠠᠯ ᠦᠨ ᠲᠥᠰᠥᠯ ᠢ ᠡᠷᠭᠦᠨ ᠮᠡᠳᠡᠭᠦᠯᠦᠭᠰᠡᠨ ᠢᠶᠡᠷ ᠤᠯᠤᠰ ᠤᠨ ᠶᠡᠬᠡ ᠬᠤᠷᠠᠯ ᠬᠡᠯᠡᠯᠴᠡᠨ᠂ ᠶᠣᠰᠣᠭᠠᠷ ᠪᠣᠯᠭᠠᠭᠰᠠᠨ ᠪᠣᠯ ᠴᠢᠯᠦᠭᠡᠯᠡᠨ᠎ᠡ ᠭᠡᠰᠡᠨ ᠵᠢᠭᠠᠯᠲᠠ ᠣᠷᠣᠭᠤᠯᠵᠤ ᠪᠠᠶᠢᠨ᠎ᠠ᠃  ᠮᠦᠨ  ᠳᠢᠭ ᠦᠨ ᠲᠤᠬᠠᠢ ᠬᠠᠤᠯᠢ ᠳᠤ ᠵᠠᠰᠠᠭ ᠤᠨ ᠭᠠᠵᠠᠷ ᠠᠴᠠ ᠤᠯᠤᠰ ᠡᠬᠡ ᠣᠷᠣᠨ ᠤ ᠡᠳ᠋  ᠦᠨ ᠵᠠᠰᠠᠭ᠂ ᠠᠶᠤᠯ ᠦᠭᠡᠢ ᠪᠠᠶᠢᠳᠠᠯ ᠲᠠᠢ ᠬᠣᠯᠪᠣᠭ᠎ᠠ ᠲᠠᠢ ᠠᠰᠠᠭᠤᠳᠠᠯ ᠢ ᠳᠠᠷᠠᠭᠠᠯᠠᠯ ᠬᠠᠷᠠᠭᠠᠯᠵᠠᠬᠤ ᠦᠭᠡᠢ ᠪᠡᠷ ᠵᠠᠷᠢᠮ ᠪᠦᠷᠢᠳᠦᠯ ᠬᠡᠰᠡᠭ ᠦᠭᠡᠢ ᠪᠡᠷ ᠰᠢᠭᠤᠳ ᠬᠡᠯᠡᠯᠴᠡᠵᠦ ᠪᠣᠯᠳᠠᠭ ᠪᠠᠶᠢᠬᠤ ᠵᠢᠭᠠᠯᠲᠠ ᠶᠢ ᠲᠤᠰᠬᠠᠵᠤ ᠪᠠᠶᠢᠭ᠎ᠠ ᠶᠤᠮ ᠃

ᠰᠡᠳᠬᠢᠭᠳᠡᠯ ᠦᠯᠡᠳᠡᠭᠡᠬᠦ