ᠳ∙ᠳᠣᠷᠯᠢᠭᠵᠠᠪ ᠢ ᠰᠢᠯᠭᠠᠵᠤ ᠪᠠᠶᠢᠨ᠎ᠠ | News.MN

ᠳ∙ᠳᠣᠷᠯᠢᠭᠵᠠᠪ ᠢ ᠰᠢᠯᠭᠠᠵᠤ ᠪᠠᠶᠢᠨ᠎ᠠ

ᠠᠪᠯᠢᠭ᠎ᠠ ᠲᠠᠢ ᠲᠡᠮᠡᠴᠡᠬᠦ ᠭᠠᠵᠠᠷ ᠠᠴᠠ ᠬᠠᠤᠯᠢ ᠵᠦᠢ ᠶᠢᠨ ᠰᠠᠶᠢᠳ ᠠᠰᠠᠨ᠂ ᠤᠯᠤᠰ ᠤᠨ ᠶᠡᠷᠦᠩᠬᠡᠢ ᠫᠷᠣᠺᠦ᠋ᠷᠣᠷ ᠳ∙ᠳᠣᠷᠯᠢᠭᠵᠠᠪ ᠢ ᠪᠠᠶᠢᠴᠠᠭᠠᠵᠤ ᠪᠠᠶᠢᠨ᠎ᠠ᠃ ᠲᠡᠭᠦᠨ ᠦ ᠭᠡᠷ ᠲᠦ ᠨᠡᠩᠵᠢᠯᠭᠡ ᠬᠢᠵᠦ᠂ ᠮᠥᠷᠳᠡᠨ ᠪᠠᠶᠢᠴᠠᠭᠠᠬᠤ ᠠᠵᠢᠯᠯᠠᠭ᠎ᠠ ᠶᠠᠪᠤᠭᠤᠯᠵᠤ ᠪᠠᠶᠢᠭ᠎ᠠ ᠠᠵᠠᠢ᠃ ᠣᠳᠣ ᠠᠴᠠ ᠳᠥᠷᠪᠡᠨ ᠵᠢᠯ ᠦᠨ ᠡᠮᠦᠨ᠎ᠡ ᠬᠠᠤᠯᠢ ᠵᠦᠢ ᠶᠢᠨ ᠰᠠᠶᠢᠳ ᠠᠰᠠᠨ ᠬ∙ᠲᠡᠮᠦᠵᠢᠨ ᠲᠸᠢᠲ᠋ᠲ᠋ᠧᠷ ᠬᠠᠭᠤᠳᠠᠰᠤᠨ ᠳᠤ ᠬᠠᠤᠯᠢ ᠶᠢᠨ ᠨᠡᠷ᠎ᠡ ᠪᠠᠶᠢᠭᠤᠯᠤᠯᠭ᠎ᠠ ᠶᠢᠨ ᠰᠦᠷ ᠬᠦᠴᠦ ᠪᠡᠷ ᠪᠠᠶᠠᠯᠢᠭ ᠪᠦᠲᠦᠭᠡᠭᠴᠢᠳ ᠢ ᠳᠡᠭᠡᠷᠡᠮᠳᠡᠬᠦ ᠠᠪᠯᠢᠭ᠎ᠠ ᠶᠢᠨ ᠬᠡᠮᠵᠢᠶ᠎ᠡ ᠬᠡᠮᠡᠨ ᠳᠥᠷᠪᠡᠨ ᠰᠠᠶ᠎ᠠ ᠳ᠋ᠣᠯᠯᠠᠷ ᠤᠨ ᠪᠠᠷᠢᠮᠲᠠ ᠶᠢ ᠳᠡᠯᠭᠡᠭᠰᠡᠨ ᠪᠠᠶᠢᠳᠠᠭ᠃ ᠭᠡᠪᠡᠴᠦ ᠥᠨᠥᠳᠥᠷ ᠢ ᠬᠦᠷᠲᠡᠯ᠎ᠡ ᠬᠠᠤᠯᠢ ᠶᠢᠨ ᠪᠠᠶᠢᠭᠤᠯᠤᠯᠭ᠎ᠠ ᠡᠨᠡ ᠠᠰᠠᠭᠤᠳᠠᠯ ᠢ ᠰᠢᠯᠭᠠᠭ᠎ᠠ ᠦᠭᠡᠢ ᠪᠠᠶᠢᠭᠰᠠᠨ ᠶᠤᠮ᠃
ᠳᠥᠷᠪᠡᠨ ᠰᠠᠶ᠎ᠠ ᠳ᠋ᠣᠯᠯᠠᠷ ᠢ ᠠᠯᠲᠠᠨ ᠳᠣᠷᠣᠨᠠᠲᠤ ᠮᠣᠩᠭᠣᠯ ᠺᠣᠮᠫᠠᠨᠢ ᠠᠴᠠ ᠶᠡᠷᠦᠩᠬᠡᠢ ᠫᠷᠣᠺᠦ᠋ᠷᠣᠷ ᠠᠰᠠᠨ ᠳ∙ᠳᠣᠷᠯᠢᠭᠵᠠᠪ ᠤᠨ ᠳᠡᠭᠦᠦ ᠶᠢᠨ ᠳᠠᠩᠰᠠᠨ ᠳᠤ ᠰᠢᠯᠵᠢᠭᠦᠯᠦᠭᠰᠡᠨ ᠪᠥᠭᠡᠳ ᠢᠩᠭᠢᠬᠦ ᠳᠦ ᠪᠡᠨ ᠠᠯᠪᠠᠨ ᠲᠤᠰᠢᠶᠠᠯ ᠢᠶᠠᠨ ᠤᠷᠪᠠᠭᠤᠯᠤᠨ ᠠᠰᠢᠭᠯᠠᠵᠤ᠂ ᠪᠢᠽᠢᠨᠧᠰ ᠡᠷᠬᠢᠯᠡᠭᠴᠢᠳ ᠢ ᠳᠠᠷᠤᠮᠲᠠᠯᠠᠭᠰᠠᠨ ᠬᠡᠮᠡᠨ ᠰᠠᠶ᠋ᠢᠬᠠᠨ ᠠᠯᠲᠠᠨ ᠳᠣᠷᠣᠨᠠᠲᠤ ᠮᠣᠩᠭᠣᠯ ᠺᠣᠮᠫᠠᠨᠢ ᠶᠢᠨ ᠵᠠᠬᠢᠷᠤᠯ ᠲ∙ᠭᠠᠩᠪᠣᠯᠣᠳ ᠬᠡᠪᠯᠡᠯ ᠳᠦ ᠨᠡᠭᠡᠭᠡᠯᠲᠡ ᠲᠡᠢ ᠮᠡᠳᠡᠭᠡᠯᠡᠭᠰᠡᠨ ᠶᠤᠮ᠃ ᠳ∙ᠳᠣᠷᠯᠢᠭᠵᠠᠪ ᠦᠨ ᠳᠡᠭᠦᠦ ᠶᠢ ᠨᠢ ᠮᠦᠨ ᠰᠢᠯᠭᠠᠵᠤ ᠪᠠᠶᠢᠭ᠎ᠠ ᠭᠡᠬᠦ ᠮᠡᠳᠡᠭᠡᠯᠡᠯ ᠴᠤ ᠪᠠᠶᠢᠨ᠎ᠠ᠃
  ᠪᠤᠷᠮ᠎ᠠ

ᠰᠡᠳᠬᠢᠭᠳᠡᠯ ᠦᠯᠡᠳᠡᠭᠡᠬᠦ