ᠮᠣᠩᠭᠣᠯ ᠤᠨ ᠴᠠᠬᠢᠯᠭᠠᠨ ᠮᠡᠳᠡᠭᠡᠨ ᠦ ᠠᠭ᠍ᠸᠨᠲᠯᠢᠭ ᠠᠴᠠ ᠡᠷᠬᠢᠯᠡᠨ ᠭᠠᠷᠭᠠᠳᠠᠭ ︽ᠬᠦᠮᠦᠨ ᠪᠢᠴᠢᠭ︾ ᠰᠣᠨᠢᠨ ︽ᠮᠣᠩᠭᠣᠯ ᠤᠨ ᠰᠠᠶᠢᠬᠠᠨ ᠪᠢᠴᠢᠭᠲᠡᠨ︾ ᠤᠯᠤᠰ ᠤᠨ ᠤᠷᠤᠯᠳᠤᠭᠠᠨ ᠢ ᠬᠤᠷᠢᠨ ᠬᠤᠶᠠᠳᠠᠬᠢ ᠵᠢᠯ ᠳᠦ ᠪᠡᠨ ᠵᠣᠬᠢᠶᠠᠨ ᠪᠠᠶᠢᠭᠤᠯᠵᠤ᠂ ᠳ᠋ᠦᠩ ᠢᠶᠡᠨ ᠭᠠᠷᠭᠠᠵᠠᠢ᠃ ︽ᠮᠣᠩᠭᠣᠯ ᠤᠨ ᠰᠠᠶᠢᠬᠠᠨ ᠪᠢᠴᠢᠭᠲᠡᠨ-2018︾ ᠤᠯᠤᠰ ᠤᠨ ᠤᠷᠤᠯᠳᠤᠭᠠᠨ ᠤ ᠰᠢᠯᠢᠳᠡᠭ ᠪᠦᠲᠦᠭᠡᠯ ᠦᠨ ᠦᠵᠡᠰᠬᠦᠯᠡᠩ ᠨᠡᠭᠡᠭᠡᠬᠦ᠂ ᠱᠠᠩᠨᠠᠯ ᠭᠠᠷᠳᠠᠭᠤᠯᠬᠤ ᠶᠣᠰᠣᠯᠠᠯ ᠳᠤ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠣᠷᠣᠯᠴᠠᠨ᠂ ᠰᠢᠯᠢᠳᠡᠭ ᠪᠦᠲᠦᠭᠡᠯ ᠦᠨ ᠡᠵᠡᠳ ᠲᠦ ᠱᠠᠩᠨᠠᠯ ᠭᠠᠷᠳᠠᠭᠤᠯᠵᠤ ᠦᠭᠡ ᠬᠡᠯᠡᠯ᠎ᠡ᠃ ᠲᠡᠷᠡ ᠪᠡᠷ᠄ ᠤᠯᠤᠰ ᠣᠷᠣᠨ ᠤ ᠮᠠᠨᠢ ᠲᠤᠰᠠᠭᠠᠷ ᠲᠣᠭᠲᠠᠨᠢᠯ ᠤᠨ ᠦᠨᠳᠦᠰᠦ ᠨᠢ ᠬᠦᠮᠦᠨ ᠠᠷᠠᠳ᠂ ᠪᠢᠴᠢᠭ ᠰᠤᠶᠤᠯ᠂ ᠬᠢᠯᠢ ᠬᠢᠵᠠᠭᠠᠷ ᠶᠤᠮ᠃ ᠦᠨᠳᠦᠰᠦᠨ ᠦ ᠰᠤᠶᠤᠯ ᠢᠶᠠᠨ ᠥᠪᠯᠡᠨ ᠠᠪᠴᠤ᠂ ᠤᠯᠤᠰ ᠣᠷᠣᠨ ᠤ ᠪᠠᠨ ᠲᠡᠦᠬᠡ ᠰᠤᠶᠤᠯ ᠢ ᠤᠩᠰᠢᠨ ᠰᠤᠳᠤᠯᠵᠤ᠂ ᠪᠠᠬᠠᠷᠬᠠᠬᠤ ᠨᠢ ᠮᠣᠩᠭᠣᠯᠴᠤᠳ ᠪᠢᠳᠡᠨ ᠦ ᠡᠷᠬᠢᠮ ᠡᠭᠦᠷᠭᠡ ᠶᠤᠮ᠃
ᠲᠡᠶᠢᠮᠦ ᠴᠤ ᠤᠴᠢᠷ ᠠᠴᠠ ᠡᠶᠢᠮᠦ ᠰᠠᠶᠢᠬᠠᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠵᠤ ᠪᠠᠶᠢᠭ᠎ᠠ ︽ᠬᠦᠮᠦᠨ ᠪᠢᠴᠢᠭ︾ ᠰᠣᠨᠢᠨ ᠤ ᠬᠠᠮᠲᠤ ᠤᠯᠠᠨ ᠳᠤ᠂ ᠬᠠᠮᠲᠤᠷᠠᠨ ᠠᠵᠢᠯᠯᠠᠭᠰᠠᠨ ᠪᠠᠶᠢᠭᠤᠯᠤᠯᠭ᠎ᠠ ᠶᠢᠨ ᠬᠢᠨ ᠳᠤ᠂ ᠠᠷᠭ᠎ᠠ ᠬᠡᠮᠵᠢᠶᠡᠨ ᠳᠦ ᠣᠷᠣᠯᠴᠠᠭᠰᠠᠨ ᠡᠷᠳᠡᠮᠲᠡᠨ ᠪᠠᠭᠰᠢ᠂ ᠰᠤᠷᠤᠭᠴᠢ ᠳᠤ᠂ ᠠᠵᠠᠢ ᠪᠤᠭᠤᠷᠤᠯ ᠤᠳ ᠲᠠᠭᠠᠨ ᠲᠠᠯᠠᠷᠬᠠᠯ ᠢᠯᠡᠷᠬᠡᠶᠢᠯᠡᠶ᠎ᠡ ᠭᠡᠯᠡ᠃
ᠮᠥᠨ ᠮᠣᠩᠭᠣᠯ ᠰᠠᠶᠢᠬᠠᠨ ᠪᠢᠴᠢᠭ ᠰᠤᠶᠤᠯ ᠢᠶᠠᠨ ᠳᠡᠯᠭᠡᠷᠡᠭᠦᠯᠬᠦ᠂ ᠣᠯᠠᠨ ᠲᠦᠮᠡᠨ ᠦ ᠬᠦᠷᠲᠡᠭᠡᠯ ᠪᠣᠯᠭᠠᠬᠤ ᠳᠤ ᠮᠣᠩᠭᠣᠯ ᠤᠯᠤᠰ ᠤᠨ ᠵᠠᠰᠠᠭ ᠤᠨ ᠭᠠᠵᠠᠷ᠂ ᠶᠡᠷᠦᠩᠬᠡᠢ ᠰᠠᠶᠢᠳ ᠮᠢᠨᠦ ᠪᠡᠶ᠎ᠡ ᠪᠦᠬᠦ ᠲᠠᠯ᠎ᠠ ᠪᠠᠷ ᠲᠤᠰᠠᠯᠠᠵᠤ ᠳᠡᠮᠵᠢᠵᠦ ᠬᠠᠮᠲᠤᠷᠠᠨ ᠠᠵᠢᠯᠯᠠᠬᠤ ᠪᠣᠯᠤᠨ᠎ᠠ ᠭᠡᠯᠡ᠃ ︽ᠮᠣᠩᠭᠣᠯ ᠤᠨ ᠰᠠᠶᠢᠬᠠᠨ ᠪᠢᠴᠢᠭᠲᠡᠨ︾ ᠤᠯᠤᠰ ᠤᠨ ᠤᠷᠤᠯᠳᠤᠭᠠᠨ ᠨᠢ 12 ᠳ᠋ᠤᠭᠠᠷ ᠠᠩᠬᠢ ᠶᠢᠨ ᠳᠥᠷᠪᠡᠨ ᠰᠤᠷᠤᠭᠴᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ᠂ ᠮᠤᠩᠭᠤᠯ ᠤᠯᠤᠰ ᠤᠨ ᠪᠤᠯᠪᠠᠰᠤᠷᠠᠯ ᠤᠨ ᠶᠡᠬᠡ ᠰᠤᠷᠭᠠᠭᠤᠯᠢ᠍ ᠳᠦ ᠳᠥᠷᠪᠡᠨ ᠵᠢᠯ ᠦᠨ᠎ᠡ ᠲᠥᠯᠦᠪᠦᠷᠢ ᠦᠭᠡᠢ ᠰᠤᠷᠤᠯᠴᠠᠬᠤ ᠡᠷᠬᠡ ᠣᠯᠭᠤᠳᠠᠭ᠂ ᠤᠷᠤᠯᠳᠤᠭᠠᠨ ᠤ ᠪᠤᠰᠤᠳ ᠠᠩᠭᠢᠯᠠᠯ ᠤᠨ ᠵᠢᠷᠭᠤᠭᠠᠨ ᠰᠢᠯᠢᠳᠡᠭ ᠣᠷᠣᠯᠴᠠᠭᠴᠢ ᠶᠢ ᠭᠠᠳᠠᠭᠠᠳᠤ ᠳᠤ ᠠᠶᠠᠯᠠᠬᠤ ᠡᠷᠬᠡ ᠪᠡᠷ ᠤᠷᠮᠠᠰᠢᠭᠤᠯᠳᠠᠭ᠂ ᠱᠠᠩᠨᠠᠯ ᠤᠨ ᠰᠠᠩ ᠥᠨᠳᠥᠷ ᠲᠡᠢ ᠭᠡᠳᠡᠭ ᠢ ᠮᠣᠩᠭᠣᠯ ᠤᠨ ᠴᠠᠬᠢᠯᠭᠠᠨ ᠮᠡᠳᠡᠭᠡᠨ ᠦ ᠠᠭ᠍ᠸᠨᠲᠯᠢᠭ ᠤᠨ ᠵᠠᠬᠢᠷᠤᠯ ᠪ∙ᠭᠠᠩᠴᠢᠮᠡᠭ ᠲᠡᠮᠳᠡᠭᠯᠡᠵᠦ ᠪᠠᠶᠢᠯ᠎ᠠ᠃