ᠢᠷᠡᠬᠦ ᠬᠣᠶᠠᠳᠤᠭᠠᠷ ᠰᠠᠷ᠎ᠠ ᠶᠢᠨ 16-17 ᠳᠦ ᠨᠡᠶᠢᠰᠯᠡᠯ ᠳᠦ ᠡᠪᠦᠯ ᠦᠨ ᠨᠠᠭᠠᠳᠤᠮ ᠢ ᠵᠣᠬᠢᠶᠠᠨ ᠪᠠᠶᠢᠭᠤᠯᠤᠨ᠎ᠠ᠃ 2010 ᠣᠨ ᠠᠴᠠ ᠬᠣᠶᠢᠰᠢ ᠬᠢᠵᠦ ᠢᠷᠡᠭᠰᠡᠨ ︽ᠤᠯᠠᠭᠠᠨᠪᠠᠭᠠᠲᠤᠷ ᠤᠨ ᠡᠪᠦᠯ︾ ᠨᠠᠭᠠᠳᠤᠮ ᠢ ᠡᠨᠡ ᠤᠳᠠᠭ᠎ᠠ ︽ᠰᠺᠠᠢ ᠷᠧᠰᠣᠷᠲ︾ ᠴᠠᠨ᠎ᠠ ᠶᠢᠨ ᠪᠠᠭᠠᠽ ᠲᠠᠢ ᠬᠠᠮᠲᠤᠷᠠᠨ ᠵᠣᠬᠢᠶᠠᠨ ᠪᠠᠶᠢᠭᠤᠯᠬᠤ ᠲᠠᠯ᠎ᠠ ᠪᠠᠷ ᠨᠡᠶᠢᠰᠯᠡᠯ ᠦᠨ ᠠᠶᠠᠯᠠᠯ ᠵᠢᠭᠤᠯᠴᠢᠯᠠᠯ ᠤᠨ ᠭᠠᠵᠠᠷ ᠤᠨ ᠳᠠᠷᠤᠭ᠎ᠠ ᠳ∙ᠪᠠᠲᠤᠰᠦ᠋ᠬᠡ ᠮᠡᠳᠡᠭᠡᠯᠡᠯ᠎ᠡ᠃ ᠡᠪᠦᠯ ᠦᠨ ᠨᠠᠭᠠᠳᠤᠮ ᠢᠶᠠᠷ ᠰᠤᠷ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠮᠥᠰᠦᠨ ᠦ ᠱᠠᠭ᠎ᠠ ︵ᠠᠷᠭᠠᠢ︶ ᠶᠢᠨ ᠲᠡᠮᠡᠴᠡᠭᠡᠨ ᠪᠣᠯᠤᠨ᠎ᠠ᠃ ᠮᠥᠰᠦᠨ ᠬᠠᠨᠠᠨ ᠳᠤ ᠠᠪᠠᠷᠢᠬᠤ᠂ ᠨᠣᠬᠠᠢ ᠲᠠᠢ ᠴᠢᠷᠭ᠎ᠠ᠂ ᠣᠯᠣᠰᠣ ᠲᠠᠲᠠᠯᠲᠠ ᠵᠡᠷᠭᠡ ᠢᠷᠭᠡᠳ ᠢ ᠬᠠᠮᠤᠷᠤᠭᠤᠯᠤᠭᠰᠠᠨ ᠭᠡᠷ ᠪᠦᠯᠢ ᠶᠢᠨ ᠲᠡᠮᠡᠴᠡᠭᠡᠨ ᠨᠦᠭᠦᠳ ᠵᠣᠬᠢᠶᠠᠨ ᠪᠠᠶᠢᠭᠤᠯᠵᠤ ᠨᠡᠶᠢᠰᠯᠡᠯ ᠦᠨ ᠬᠢᠨ ᠢ ᠥᠷᠭᠡᠨ ᠢᠶᠡᠷ ᠣᠷᠤᠯᠴᠠᠭᠤᠯᠬᠤ ᠠᠵᠡᠢ᠃
ᠥᠩᠭᠡᠷᠡᠭᠰᠡᠨ ᠵᠢᠯ ᠪᠣᠯᠤᠭᠰᠠᠨ ᠡᠪᠦᠯ ᠦᠨ ᠨᠠᠭᠠᠳᠤᠮ ᠤᠨ ᠮᠥᠰᠦᠨ ᠰᠤᠷ᠂ ᠱᠠᠭ᠎ᠠ ᠶᠢᠨ ᠲᠡᠮᠡᠴᠡᠭᠡᠨ ᠳᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠣᠯᠤᠨ ᠣᠷᠣᠰ ᠤᠨ ᠬᠣᠯᠪᠣᠭᠠᠨ ᠤ ᠤᠯᠤᠰ ᠤᠨ ᠪᠤᠷᠢᠶᠠᠳ ᠤᠯᠤᠰ ᠠᠴᠠ ᠲᠤᠰ ᠪᠦᠷᠢ 10 ᠍ ᠊ᠭᠠᠳ ᠲᠠᠮᠢᠷᠴᠢᠨ ᠢᠷᠡᠵᠦ ᠣᠷᠣᠯᠴᠠᠵᠠᠢ᠃ ᠴᠢᠨᠠᠭᠰᠢᠳᠠ ᠪᠠᠨ ᠡᠨᠡᠬᠦ ᠨᠠᠭᠠᠳᠤᠮ ᠢ ᠣᠯᠠᠨ ᠤᠯᠤᠰ ᠤᠨ ᠰᠢᠨᠵᠢ ᠴᠢᠨᠠᠷ ᠲᠠᠢ ᠪᠣᠯᠭᠠᠨ ᠬᠥᠭᠵᠢᠭᠦᠯᠵᠦ ᠭᠠᠳᠠᠭᠠᠳᠤ ᠳᠣᠲᠣᠭᠠᠳᠤ ᠶᠢᠨ ᠵᠢᠭᠤᠯᠴᠢᠳ ᠢ ᠲᠠᠲᠠᠬᠤ ᠠᠷᠭ᠎ᠠ ᠬᠡᠮᠵᠢᠶ᠎ᠡ ᠪᠣᠯᠭᠠᠬᠤ ᠶᠢ ᠵᠣᠷᠢᠵᠤ ᠪᠠᠶᠢᠭ᠎ᠠ ᠶᠤᠮ ᠪᠠᠶᠢᠨ᠎ᠠ᠃