ᠱ∙ᠷᠠᠳᠨᠠᠰᠸᠳᠢ᠄ ᠬᠥᠷᠥᠩᠭᠡ ᠣᠷᠣᠭᠤᠯᠤᠭᠴᠢ ᠶᠢ ᠦᠷᠭᠦᠭᠡᠬᠦ ᠨᠢ ᠪᠤᠷᠤᠭᠤ | News.MN

ᠱ∙ᠷᠠᠳᠨᠠᠰᠸᠳᠢ᠄ ᠬᠥᠷᠥᠩᠭᠡ ᠣᠷᠣᠭᠤᠯᠤᠭᠴᠢ ᠶᠢ ᠦᠷᠭᠦᠭᠡᠬᠦ ᠨᠢ ᠪᠤᠷᠤᠭᠤ

ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠤ ᠢᠷᠡᠴᠡ ᠪᠥᠷᠢᠳᠦᠭᠡ ᠦᠭᠡᠢ ᠲᠡᠢ ᠬᠣᠯᠪᠣᠭᠳᠠᠭᠤᠯᠤᠨ ᠲᠤᠰ ᠪᠠᠶᠢᠩᠭᠤ ᠶᠢᠨ ᠬᠣᠷᠢᠶᠠᠨ ᠤ ᠳᠠᠷᠤᠭ᠎ᠠ ᠱ∙ᠷᠠᠳᠨᠠᠰᠸᠳᠢ ᠡᠴᠡ ᠰᠡᠳᠬᠦᠯᠴᠢᠳ ᠵᠠᠷᠢᠮ ᠵᠦᠢᠯ ᠢ ᠲᠣᠳᠣᠷᠠᠭᠤᠯᠤᠯ᠎ᠠ᠃
᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎   – ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠡᠷᠡᠭᠦᠦ ᠶᠢᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠠᠰᠠᠭᠤᠳᠠᠯ ᠢ ᠬᠡᠯᠡᠯᠴᠡᠬᠦ ᠪᠡᠷ ᠲᠥᠯᠥᠪᠯᠡᠭᠰᠡᠨ ᠬᠤᠷᠠᠯᠳᠤᠵᠤ ᠴᠢᠳᠠᠭᠰᠠᠨ ᠦᠭᠡᠢ᠃ ᠶᠡᠷᠦᠩᠬᠡᠶᠢᠯᠡᠭᠴᠢ ᠶᠢᠨ ᠡᠷᠭᠦᠨ ᠪᠠᠷᠢᠭᠰᠠᠨ ᠬᠠᠤᠯᠢ ᠶᠢᠨ ᠲᠥᠰᠥᠯ ᠢ ᠬᠡᠯᠡᠯᠴᠡᠬᠦ ᠦᠦ︖
– ᠶᠡᠷᠦᠩᠬᠡᠶᠢᠯᠡᠭᠴᠢ ᠶᠢᠨ ᠡᠷᠭᠦᠨ ᠪᠠᠷᠢᠭᠰᠠᠨ ᠬᠠᠤᠯᠢ ᠶᠢᠨ ᠲᠥᠰᠥᠯ ᠮᠠᠨ ᠤ ᠪᠠᠶᠢᠩᠭᠤ ᠶᠢᠨ ᠬᠣᠷᠢᠶ᠎ᠠ ᠪᠠᠷ ᠬᠡᠯᠡᠯᠴᠡᠭᠳᠡᠬᠦ ᠦᠭᠡᠢ᠃ ᠤᠭ ᠬᠠᠤᠯᠢ ᠶᠢᠨ ᠲᠥᠰᠥᠯ ᠨᠢ ᠡᠮᠦᠨ᠎ᠡ ᠪᠠᠶᠢᠭᠰᠠᠨ ᠵᠣᠬᠢᠴᠠᠭᠤᠯᠤᠯᠲᠠ ᠶᠢ ᠣᠷᠣᠭᠤᠯᠵᠤ ᠪᠠᠶᠢᠭ᠎ᠠ᠃ ᠪᠤᠷᠤᠭᠤᠳᠬᠠᠬᠤ ᠠᠰᠠᠭᠤᠳᠠᠯ ᠦᠭᠡᠢ᠃
– ᠨᠠᠮᠤᠷ ᠤᠨ ᠴᠢᠭᠤᠯᠭᠠᠨ ᠢᠶᠠᠷ ᠬᠡᠯᠡᠯᠴᠡᠬᠦ ᠪᠠᠶᠢᠭᠰᠠᠨ ᠣᠯᠠᠨ ᠬᠠᠤᠯᠢ ᠶᠢᠨ ᠲᠥᠰᠥᠯ ᠭᠡᠰᠢᠭᠦᠳ ᠦᠨ ᠪᠣᠢᠺᠣᠲ ᠠᠴᠠ ᠪᠣᠯᠵᠤ ᠴᠢᠭᠤᠯᠭᠠᠨ ᠢᠶᠠᠷ ᠣᠷᠣᠵᠤ ᠴᠢᠳᠠᠭᠰᠠᠨ ᠦᠭᠡᠢ᠃ ᠤᠳᠠᠬᠤ ᠦᠭᠡᠢ ᠨᠠᠮᠤᠷ ᠤᠨ ᠴᠢᠭᠤᠯᠭᠠᠨ ᠵᠠᠪᠰᠠᠷᠯᠠᠨ᠎ᠠ᠃ ᠬᠤᠭᠤᠴᠠᠭ᠎ᠠ ᠶᠢ ᠰᠤᠩᠭᠠᠵᠤ ᠬᠤᠷᠠᠯᠳᠤᠬᠤ ᠤᠤ︖
– ᠨᠠᠮᠤᠷ ᠤᠨ ᠴᠢᠭᠤᠯᠭᠠᠨ ᠦᠷᠭᠦᠯᠵᠢᠯᠡᠨ ᠬᠤᠷᠠᠯᠳᠤᠬᠤ ᠪᠠᠶᠢᠬᠤ᠃
– ᠣᠷᠳᠣ ᠭᠠᠵᠠᠷ ᠤᠳ ᠢ ᠲᠥᠷᠥ ᠮᠡᠳᠡᠯ ᠳᠦ ᠪᠡᠨ ᠠᠪᠴᠤ ᠪᠠᠶᠢᠭ᠎ᠠ ᠳᠤ ᠲᠠ ᠶᠠᠮᠠᠷ ᠲᠠᠶᠢᠯᠪᠤᠷᠢ ᠥᠭᠬᠦ ᠪᠤᠢ︖
– ᠬᠠᠤᠯᠢ ᠪᠤᠰᠤ ᠦᠢᠯᠡᠳᠦᠯ ᠭᠠᠷᠭᠠᠭᠰᠠᠨ ᠪᠣᠯ ᠲᠥᠷᠥ ᠬᠠᠤᠯᠢ ᠶᠢᠨ ᠳᠠᠭᠠᠤ ᠠᠪᠬᠤ ᠨᠢ ᠵᠥᠪ᠃ ᠭᠠᠭᠴᠠᠬᠦ ᠡᠭᠦᠨ ᠦ ᠴᠠᠭᠠᠨ᠎ᠠ ᠬᠡᠨ ᠨᠢᠭᠡᠨ ᠦ᠂ ᠭᠠᠳᠠᠨ᠎ᠠ ᠳᠤᠲᠤᠨ᠎ᠠ ᠶᠢᠨ ᠬᠢᠨ ᠢ ᠦᠷᠭᠦᠭᠡᠭᠰᠡᠨ ᠦᠢᠯᠡ ᠠᠵᠢᠯᠯᠠᠭ᠎ᠠ ᠶᠠᠪᠤᠭᠤᠯᠬᠤ ᠨᠢ ᠪᠤᠷᠤᠭᠤ᠃ ᠵᠠᠰᠠᠭ ᠤᠨ ᠭᠠᠵᠠᠷ ᠤᠨ ᠭᠡᠰᠢᠭᠦᠳ ᠨᠢ ᠡᠶᠢᠮᠦ ᠵᠦᠢᠯ ᠳᠦ ᠥᠪᠡᠷᠰᠡᠳ ᠢᠶᠡᠨ ᠣᠴᠢᠭᠠᠳ ᠪᠠᠶᠢᠬᠤ ᠱᠠᠭᠠᠷᠳᠠᠯᠭ᠎ᠠ ᠪᠠᠶᠢᠭᠰᠠᠨ ᠤᠤ ᠭᠡᠵᠦ ᠪᠢ ᠪᠣᠳᠣᠵᠤ ᠪᠠᠶᠢᠨ᠎ᠠ᠃ ᠠᠰᠢᠭᠲᠤ ᠮᠠᠯᠲᠠᠮᠠᠯ ᠤᠨ ᠬᠡᠷᠡᠭ ᠡᠷᠬᠢᠯᠡᠬᠦ ᠭᠠᠵᠠᠷ ᠨᠢ ᠦᠢᠯᠡ ᠠᠵᠢᠯᠯᠠᠭ᠎ᠠ ᠶᠢ ᠨᠢ  ᠴᠤᠴᠠᠯᠠᠭᠠᠳ ᠶᠠᠪᠤᠨ᠎ᠠ ᠪᠢᠵᠡ᠃
– ᠤᠯᠤᠰ ᠤᠨ ᠶᠡᠬᠡ ᠬᠤᠷᠠᠯ ᠢ ᠲᠠᠷᠬᠠᠭᠠᠵᠤ᠂ ᠡᠭᠡᠯᠵᠢᠲᠦ ᠪᠤᠰᠤ ᠰᠣᠩᠭᠣᠭᠤᠯᠢ ᠵᠠᠷᠯᠠᠬᠤ ᠶᠢ ᠠᠷᠠᠳᠴᠢᠯᠠᠭᠰᠠᠨ ᠨᠠᠮ ᠥᠴᠥᠭᠡᠳᠦᠷ ᠱᠠᠭᠠᠷᠳᠠᠯ᠎ᠠ᠃ ᠤᠯᠤᠰ ᠤᠨ ᠶᠡᠬᠡ ᠬᠤᠷᠠᠯ ᠢ ᠲᠠᠷᠬᠠᠭᠠᠬᠤ ᠠᠰᠠᠭᠤᠳᠠᠯ ᠳᠤ ᠶᠠᠮᠠᠷ ᠪᠠᠶᠢᠷᠢ ᠰᠠᠭᠤᠷᠢ ᠲᠠᠢ ᠪᠠᠶᠢᠨ᠎ᠠ ᠪᠤᠢ︖
– ᠤᠯᠤᠰ ᠤᠨ ᠶᠡᠬᠡ ᠬᠤᠷᠠᠯ ᠤᠨ 51 ᠭᠡᠰᠢᠭᠦᠨ ᠭᠠᠷ ᠤᠨ ᠦᠰᠦᠭ ᠵᠢᠷᠤᠵᠤ ᠪᠠᠶᠢᠵᠤ ᠡᠨᠡ ᠠᠰᠠᠭᠤᠳᠠᠯ ᠬᠡᠯᠡᠯᠴᠡᠭᠳᠡᠨ᠎ᠡ᠃ ᠫᠠᠷᠯᠠᠮᠧᠨᠲ ᠡᠮᠵᠡᠭ ᠪᠠᠶᠢᠵᠤ ᠪᠣᠯᠬᠤ ᠦᠭᠡᠢ᠃ ᠶᠡᠷᠦᠩᠬᠡᠶᠢᠯᠡᠭᠴᠢ ᠶᠢᠨ ᠵᠠᠰᠠᠭᠯᠠᠯ ᠡᠰᠡᠭᠦᠯ᠎ᠡ ᠫᠠᠷᠯᠠᠮᠧᠨᠲ ᠤᠨ ᠵᠠᠰᠠᠭᠯᠠᠯ ᠲᠠᠢ ᠪᠠᠶᠢᠬᠤ ᠶᠣᠰᠣᠲᠠᠢ ᠭᠡᠵᠦ ᠶᠠᠷᠢᠳᠠᠭ᠃ ᠮᠢᠨᠦ ᠪᠠᠶᠢᠷᠢ ᠰᠠᠭᠤᠷᠢ ᠪᠣᠯ ᠫᠠᠷᠯᠠᠮᠧᠨᠲ ᠤᠨ ᠵᠠᠰᠠᠭᠯᠠᠯ ᠪᠣᠯ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠠᠶᠤᠯᠭᠦᠢ ᠪᠠᠶᠢᠳᠠᠯ ᠤᠨ ᠪᠠᠲᠤᠯᠠᠭ᠎ᠠ᠃ ᠬᠣᠶᠠᠷ ᠶᠡᠬᠡ ᠭᠦᠷᠦᠨ ᠦ ᠳᠤᠮᠳᠠ ᠣᠷᠣᠰᠢᠳᠠᠭ ᠣᠷᠣᠨ ᠤ ᠬᠤᠪᠢ ᠳᠤ ᠫᠠᠷᠯᠠᠮᠧᠨᠲ ᠤᠨ ᠵᠠᠰᠠᠭᠯᠠᠯ ᠪᠠᠶᠢᠬᠤ ᠶᠣᠰᠣᠲᠠᠢ᠃ ᠳᠠᠷᠤᠭ᠎ᠠ ᠦᠭᠡᠷᠡᠴᠢᠯᠡᠭᠳᠡᠭᠰᠡᠨ ᠢᠶᠡᠷ ᠫᠠᠷᠯᠠᠮᠧᠨᠲ ᠨᠤᠷᠠᠳᠠᠭ ᠦᠭᠡᠢ᠃ ᠫᠠᠷᠯᠠᠮᠧᠨᠲ ᠢ ᠥᠭᠡᠷᠡᠴᠢᠯᠡᠬᠦ ᠠᠰᠠᠭᠤᠳᠠᠯ ᠦᠨᠳᠦᠰᠦᠨ ᠬᠠᠤᠯᠢ ᠪᠠᠷ ᠬᠠᠮᠠᠭᠠᠯᠠᠭᠳᠠᠭᠰᠠᠨ᠃
– ᠤᠯᠤᠰ ᠤᠨ ᠶᠡᠬᠡ ᠬᠤᠷᠠᠯ ᠦᠨ ᠲᠠᠪᠤᠨ ᠭᠡᠰᠢᠭᠦᠨ ᠦ ᠪᠦᠷᠢᠨ ᠡᠷᠬᠡ ᠶᠢ ᠲᠦᠳᠡᠭᠡᠯᠵᠡᠭᠦᠯᠬᠦ ᠠᠰᠠᠭᠤᠳᠠᠯ ᠣᠷᠣᠵᠤ ᠢᠷᠡᠭᠰᠡᠨ ᠦᠦ︖
– ᠮᠡᠳᠡᠬᠦ ᠦᠭᠡᠢ᠃
– ᠦᠨᠳᠦᠰᠦᠨ ᠬᠠᠤᠯᠢ ᠶᠢᠨ ᠰᠡᠴᠡ ︽60 ᠲᠡᠷᠪᠤᠮ︾ ᠤᠨ ᠠᠰᠠᠭᠤᠳᠠᠯ ᠢᠶᠠᠷ ᠬᠡᠳᠦᠢ ᠬᠢᠷᠢ ᠬᠤᠭᠤᠴᠠᠭᠠᠨ ᠳᠤ ᠰᠢᠢᠳᠪᠦᠷᠢ ᠭᠠᠷᠭᠠᠬᠤ ᠪᠤᠢ︖
-ᠦᠨᠳᠦᠰᠦᠨ ᠬᠠᠤᠯᠢ ᠶᠢᠨ ᠰᠡᠴᠡ ᠬᠦᠯᠢᠶᠡᠵᠦ ᠠᠪᠤᠭᠰᠠᠨ ᠠᠴᠠ ᠬᠣᠶᠢᠰᠢ 30 ᠬᠣᠨᠣᠭ ᠤᠨ ᠳᠣᠲᠣᠷ᠎ᠠ ᠬᠡᠯᠡᠯᠴᠡᠬᠦ ᠬᠠᠤᠯᠢ ᠲᠠᠢ᠃ ᠦᠨᠳᠦᠰᠦᠨ ᠬᠠᠤᠯᠢ ᠶᠢᠨ ᠰᠡᠴᠡ ᠶᠠᠮᠠᠷ ᠬᠤᠭᠤᠴᠠᠭᠠᠨ ᠳᠤ ᠰᠢᠢᠳᠪᠦᠷᠢ ᠭᠠᠷᠭᠠᠬᠤ ᠨᠢ ᠲᠡᠳᠡᠨ ᠦ ᠠᠰᠠᠭᠤᠳᠠᠯ᠃

ᠰᠡᠳᠬᠢᠭᠳᠡᠯ ᠦᠯᠡᠳᠡᠭᠡᠬᠦ