ᠬ∙ᠴᠠᠭᠠᠨᠪᠠᠭᠠᠲᠤᠷ ᠮᠥᠩᠭᠥᠨ ᠮᠧᠳᠠᠯ ᠬᠦᠷᠲᠡᠯ᠎ᠡ | News.MN

ᠬ∙ᠴᠠᠭᠠᠨᠪᠠᠭᠠᠲᠤᠷ ᠮᠥᠩᠭᠥᠨ ᠮᠧᠳᠠᠯ ᠬᠦᠷᠲᠡᠯ᠎ᠡ

ᠵᠢᠦ᠋ᠳᠣ᠋ ᠪᠥᠬᠡ ᠶᠢᠨ ᠨᠠᠰᠤᠨ ᠳᠤ ᠬᠦᠷᠦᠭᠰᠡᠳ ᠦᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠣᠯᠢᠮᠫ ᠤᠨ ᠬᠦᠷᠡᠯ᠂ ᠳᠡᠯᠡᠬᠡᠢ ᠶᠢᠨ ᠠᠪᠤᠷᠭᠤ ᠬ∙ ᠴᠠᠭᠠᠨᠪᠠᠭᠠᠲᠤᠷ ᠮᠥᠩᠭᠥᠨ ᠮᠧᠳᠠᠯ ᠬᠦᠷᠲᠡᠯ᠎ᠡ᠃  ᠲᠡᠷᠡ ᠰᠡᠯᠡᠩᠭᠡ ᠠᠶᠢᠮᠠᠭ ᠲᠤ ᠪᠣᠯᠵᠤ ᠪᠤᠢ ᠲᠡᠮᠡᠴᠡᠭᠡᠨ ᠳᠦ ᠱᠠᠪᠢ ᠨᠠᠷ ᠲᠠᠢ ᠪᠠᠨ ᠤᠴᠢᠭᠠᠳ -90 ᠺᠢᠯᠦᠭᠷᠡᠮ ᠤᠨ ᠵᠢᠩ ᠳᠦ ᠪᠠᠷᠢᠯᠳᠤᠨ ᠹᠢᠨᠠᠯ ᠳᠤ ᠰᠢᠯᠭᠠᠷᠠᠵᠤ᠂ ︽ᠰᠦᠯᠳᠡ︾ ᠰᠫᠣᠷᠲ ᠬᠣᠷᠢᠶᠠᠨ ᠤ ᠲᠠᠮᠢᠷᠴᠢᠨ ᠡ᠊∙ᠮᠥᠩᠬᠡᠵᠢᠷᠭᠠᠯ ᠳᠤ ᠴᠠᠭ ᠳᠠᠭᠤᠰᠬᠤ ᠠᠴᠠ ᠲᠠᠪᠤᠨ ᠰᠸᠺᠦ᠋ᠨᠳ᠋ ᠍ ᠤᠨ ᠡᠮᠦᠨ᠎ᠡ ᠴᠡᠪᠡᠷ ᠢᠯᠠᠭᠳᠠᠯ᠎ᠠ᠃
ᠬ∙ᠴᠠᠭᠠᠨᠪᠠᠭᠠᠲᠤᠷ ᠰᠡᠭᠦᠯ ᠦᠨ ᠵᠢᠯ ᠦᠳ ᠲᠦ ᠳᠠᠰᠬᠠᠯᠵᠢᠭᠤᠯᠤᠭᠴᠢ ᠪᠤᠯᠵᠤ ᠂ ᠥᠩᠭᠡᠷᠡᠭᠰᠡᠨ ᠣᠨ ᠠᠴᠠ ᠡᠬᠢᠯᠡᠨ ᠲᠠᠩᠨᠠᠭᠤᠯ ᠤᠨ ᠶᠡᠷᠦᠩᠬᠡᠢ ᠭᠠᠵᠠᠷ ᠤᠨ ᠳᠡᠷᠭᠡᠳᠡᠬᠢ ︽ᠡᠷᠴᠢ︾ ᠰᠫᠣᠷᠲ ᠬᠣᠷᠢᠶᠠᠨ ᠳᠤ ᠠᠵᠢᠯᠯᠠᠬᠤ ᠪᠣᠯᠤᠭᠰᠠᠨ᠃ ᠲᠡᠭᠡᠪᠡᠯ ᠡᠨᠡ ᠵᠢᠯ ᠦᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠵᠠᠯᠠᠭᠤᠴᠤᠳ ᠲᠠᠢ ᠥᠷᠢᠰᠦᠯᠳᠦᠵᠦ᠂ ᠮᠥᠩᠭᠥᠨ ᠮᠧᠳᠠᠯ ᠬᠦᠷᠲᠡᠵᠤ ᠂ ᠡᠨᠡ ᠵᠢᠩ ᠦᠨ ᠥᠷᠢᠰᠦᠯᠳᠦᠭᠡᠨ ᠬᠡᠷᠬᠢᠨ ᠪᠠᠶᠢᠭ᠎ᠠ ᠶᠢ ᠬᠠᠷᠠᠭᠤᠯᠤᠭᠠᠳ ᠠᠪᠤᠯ᠎ᠠ᠃ ᠰᠡᠯᠡᠩᠭᠡ ᠠᠶᠢᠮᠠᠭ ᠲᠤ ᠪᠣᠯᠵᠤ ᠪᠤᠢ ᠵᠢᠦ᠋ᠳᠣ᠋ ᠪᠥᠬᠡ ᠶᠢᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠮᠠᠷᠭᠠᠰᠢ ︵2019.01.09︶ ᠪᠠᠭ ᠤᠨ ᠲᠥᠷᠥᠯ ᠢᠶᠡᠷ ᠥᠨᠳᠥᠷᠯᠡᠨ᠎ᠡ᠃ ᠲᠡᠮᠡᠴᠡᠭᠡᠨ ᠢ ETV ᠪᠣᠯᠤᠨ МҮОНТВ ᠮᠤᠩᠭᠤᠯ ᠤᠨ ᠦᠨᠳᠦᠰᠦᠨ ᠦ ᠤᠯᠠᠨ ᠨᠡᠶᠢᠲᠡ ᠶᠢᠨ ᠲᠸᠯᠸᠢᠰ ᠰᠢᠭᠤᠳ ᠳᠠᠮᠵᠢᠭᠤᠯᠤᠨ ᠬᠦᠷᠭᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ