ᠭᠠᠷᠤᠭᠠᠨ ᠤ ᠺᠣᠮᠫᠠᠨᠢ ᠶᠢᠨ ᠬᠥᠷᠥᠩᠭᠡ ᠪᠣᠰᠬᠠᠬᠤ ᠪᠣᠯᠤᠮᠵᠢ ᠶᠢ ᠪᠦᠷᠢᠳᠦᠭᠦᠯᠦᠨ᠎ᠡ | News.MN

ᠭᠠᠷᠤᠭᠠᠨ ᠤ ᠺᠣᠮᠫᠠᠨᠢ ᠶᠢᠨ ᠬᠥᠷᠥᠩᠭᠡ ᠪᠣᠰᠬᠠᠬᠤ ᠪᠣᠯᠤᠮᠵᠢ ᠶᠢ ᠪᠦᠷᠢᠳᠦᠭᠦᠯᠦᠨ᠎ᠡ

ᠤᠯᠤᠰ ᠤᠨ ᠶᠡᠬᠡ ᠬᠤᠷᠠᠯ ᠤᠨ ᠨᠡᠶᠢᠭᠡᠮ ᠤᠨ ᠪᠣᠳᠣᠯᠭ᠎ᠠ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ ᠤ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ︽ᠢᠨᠨᠣᠸᠠᠼ ᠤᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠬᠡᠯᠡᠯᠴᠡᠯ᠎ᠡ᠃
ᠬᠠᠤᠯᠢ ᠳᠤ ᠢᠨᠨᠣᠸᠠᠼ ᠤᠨ ᠲᠣᠭᠲᠠᠯᠴᠠᠭ᠎ᠠ᠂ ᠳᠡᠳ᠋ ᠪᠦᠲᠦᠴᠡ᠂ ᠦᠢᠯᠡ ᠠᠵᠢᠯᠯᠠᠭ᠎ᠠ ᠲᠠᠢ ᠬᠣᠯᠪᠣᠭᠠᠲᠠᠢ ᠵᠠᠷᠢᠮ ᠨᠡᠷ᠎ᠡ ᠲᠣᠮᠢᠶ᠎ᠠ ᠶᠢ ᠠᠭᠤᠯᠭ᠎ᠠ ᠶᠢᠨ ᠬᠤᠪᠢ ᠳᠤ ᠰᠢᠨᠡᠴᠢᠯᠡᠨ ᠲᠤᠰᠬᠠᠭᠰᠠᠨ ᠪᠠᠶᠢᠨ᠎ᠠ᠃ ᠲᠡᠭᠦᠨᠴᠢᠯᠡᠨ ᠭᠠᠷᠤᠭᠠᠨ ‍ᠣ ᠪᠤᠶᠤ ᠵᠠᠬ᠎ᠠ ᠵᠡᠭᠡᠯᠢ ᠳᠦ ᠪᠦᠲᠦᠭᠡᠭᠳᠡᠬᠦᠨ᠂ ᠦᠢᠯᠡᠴᠢᠯᠡᠭᠡ ᠪᠡᠨ ᠨᠡᠶᠢᠯᠡᠭᠦᠯᠵᠦ ᠡᠬᠢᠯᠡᠭᠡ ᠦᠭᠡᠢ ᠪᠠᠶᠢᠭ᠎ᠠ ᠺᠣᠮᠫᠠᠨᠢ ᠨᠤᠭᠤᠳ ᠣᠯᠠᠨ ᠨᠡᠶᠢᠲᠡ ᠡᠴᠡ ᠬᠥᠷᠥᠩᠭᠡ ᠪᠣᠰᠬᠠᠬᠤ᠂ ᠬᠤᠪᠢᠴᠠᠭ᠎ᠠ ᠪᠠᠨ ᠬᠥᠷᠥᠩᠭᠡ ᠶᠢᠨ ᠪᠢᠷᠵᠢ ᠡᠴᠡ ᠭᠠᠳᠠᠭᠤᠷ ᠠᠷᠠᠯᠵᠢᠶᠠᠯᠠᠬᠤ ᠪᠣᠯᠤᠮᠵᠢ ᠶᠢ ᠪᠦᠷᠢᠳᠦᠭᠦᠯᠬᠦ ᠵᠡᠷᠭᠡ ᠪᠡᠷ ᠬᠤᠪᠢ ᠶᠢᠨ ᠬᠡᠪᠰᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠬᠥᠭᠵᠢᠭᠦᠯᠬᠦ ᠲᠠᠯ᠎ᠠ ᠪᠠᠷ ᠵᠢᠭᠠᠯᠲᠠ ᠣᠷᠣᠭᠤᠯᠤᠭᠰᠠᠨ ᠭᠡᠳᠡᠭ ᠢ ᠬᠠᠤᠯᠢ ᠰᠠᠨᠠᠭᠠᠴᠢᠯᠠᠭᠴᠢ ᠼ ∙ ᠴᠣᠭᠵᠢᠯᠮ᠎ᠠ ᠢᠯᠡᠳᠬᠡᠯ ᠳᠦ ᠪᠡᠨ ᠳᠤᠷᠠᠳᠤᠯ᠎ᠠ᠃ ᠬᠠᠤᠯᠢ ᠶᠢᠨ ᠲᠥᠰᠥᠯ ᠲᠡᠢ ᠬᠣᠯᠪᠣᠭᠳᠠᠭᠤᠯᠤᠭᠰᠠᠨ ᠰᠠᠨᠠᠯ ᠬᠡᠯᠡᠬᠦ ᠭᠡᠰᠢᠭᠦᠨ ᠪᠠᠶᠢᠭᠰᠠᠨ ᠦᠭᠡᠢ᠃ ᠰᠠᠨᠠᠯ ᠬᠤᠷᠢᠶᠠᠬᠤ ᠳᠤ᠂ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ 75 ᠬᠤᠪᠢ ᠬᠠᠤᠯᠢ ᠶᠢᠨ ᠲᠥᠰᠥᠯ ᠢ ᠬᠡᠯᠡᠯᠴᠡᠬᠦ ᠶᠢ ᠳᠡᠮᠵᠢᠵᠦ᠂ ᠰᠠᠨᠠᠯ ᠳ᠋ᠦᠩᠨᠡᠯᠲᠡ ᠪᠡᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠲᠠᠨᠢᠯᠴᠠᠭᠤᠯᠬᠤ ᠪᠠᠷ ᠲᠣᠭᠲᠠᠪᠠ᠃

ᠰᠡᠳᠬᠢᠭᠳᠡᠯ ᠦᠯᠡᠳᠡᠭᠡᠬᠦ