ᠠᠦᠢᠰᠲᠷᠠᠯᠢᠶ᠎ᠠ ᠶᠢᠨ ᠡᠯᠴᠢᠨ ᠰᠠᠶᠢᠳ  ᠢ ᠱᠠᠩᠨᠠᠪᠠ | News.MN

ᠠᠦᠢᠰᠲᠷᠠᠯᠢᠶ᠎ᠠ ᠶᠢᠨ ᠡᠯᠴᠢᠨ ᠰᠠᠶᠢᠳ  ᠢ ᠱᠠᠩᠨᠠᠪᠠ

ᠮᠣᠩᠭᠣᠯ ᠤᠯᠤᠰ᠂ ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠬᠣᠭᠣᠷᠣᠨᠳᠣ ᠶᠢᠨ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠪᠣᠯᠤᠨ ᠮᠣᠩᠭᠣᠯ ᠤᠯᠤᠰ ᠤᠨ ᠨᠡᠶᠢᠭᠡᠮ᠂ ᠡᠳ᠋ ᠍ ᠦᠨ ᠵᠠᠰᠠᠭ ᠲᠤ ᠣᠷᠣᠭᠤᠯᠤᠭᠰᠠᠨ ᠬᠤᠪᠢ ᠨᠡᠮᠡᠷᠢ ᠶᠢ ᠨᠢ ᠥᠨᠳᠥᠷ ᠢᠶᠡᠷ ᠦᠨᠡᠯᠡᠵᠦ ᠠᠦᠢᠰᠲᠷᠠᠯᠢᠶ᠎ᠠ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠵᠤᠨ ᠾᠤᠸᠠᠷᠳ᠋ ᠯᠠᠩᠲᠷ ᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠵᠠᠷᠯᠢᠭ ᠢᠶᠠᠷ ᠮᠣᠩᠭᠣᠯ ᠤᠯᠤᠰ ᠤᠨ ᠲᠥᠷᠥ ᠶᠢᠨ ᠳᠡᠭᠡᠳᠦ ᠱᠠᠩᠨᠠᠯ ᠨᠠᠶᠢᠷᠠᠮᠳᠠᠯ ᠮᠧᠳᠠᠯ ᠢᠶᠠᠷ  ᠱᠠᠩᠨᠠᠯ᠎ᠠ ᠃ ᠱᠠᠩᠨᠠᠯ ᠢ ᠥᠨᠥᠳᠥᠷ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠭᠠᠷᠳᠠᠭᠤᠯᠤᠨ ᠥᠭᠴᠦ᠂ ᠪᠠᠶᠠᠷ ᠬᠦᠷᠭᠡᠪᠡ᠃
ᠡᠬᠢ ᠰᠤᠷᠪᠤᠯᠵᠢ᠄ www.president.mn

ᠰᠡᠳᠬᠢᠭᠳᠡᠯ ᠦᠯᠡᠳᠡᠭᠡᠬᠦ