ᠡᠷᠳᠡᠨᠢᠰ ᠦᠨ ᠰᠠᠩ ᠤᠨ ᠦᠨᠡᠯᠡᠭᠡ ᠨᠢᠭᠡ ᠶᠡᠬᠡ ᠨᠠᠶᠤᠳ ᠲᠥᠭᠥᠷᠢᠭ ᠬᠦᠷᠦᠭᠰᠡᠨ | News.MN

ᠡᠷᠳᠡᠨᠢᠰ ᠦᠨ ᠰᠠᠩ ᠤᠨ ᠦᠨᠡᠯᠡᠭᠡ ᠨᠢᠭᠡ ᠶᠡᠬᠡ ᠨᠠᠶᠤᠳ ᠲᠥᠭᠥᠷᠢᠭ ᠬᠦᠷᠦᠭᠰᠡᠨ

ᠮᠣᠩᠭᠣᠯ ᠤᠯᠤᠰ ᠤᠨ ᠡᠷᠳᠡᠨᠢᠰ ᠦᠨ ᠰᠠᠩ ᠤᠨ ᠦᠨᠡᠯᠡᠭᠡ ᠨᠢᠭᠡ ᠶᠡᠬᠡ ᠨᠠᠶᠤᠳ ᠲᠥᠭᠥᠷᠢᠭ ᠬᠦᠷᠦᠭᠰᠡᠨ ᠭᠡᠵᠦ ᠲᠥᠪ ᠪᠠᠩᠬᠢ ᠮᠡᠳᠡᠭᠡᠯᠡᠯ᠎ᠡ᠃ ᠡᠷᠳᠡᠨᠢᠰ ᠦᠨ ᠰᠠᠩ ᠤᠨ ᠦᠨᠡᠯᠡᠭᠡ ᠥᠰᠬᠦ ᠳᠦ ᠪᠣᠭᠳᠠ ᠬᠠᠭᠠᠨ ᠪᠣᠯᠤᠭᠠᠳ ᠳᠤᠨᠳᠤᠭᠳᠤᠯᠮ᠎ᠠ  ᠬᠠᠲᠤᠨ ᠤ ᠡᠳ᠋ᠯᠡᠵᠦ ᠬᠡᠷᠡᠭᠯᠡᠵᠦ ᠪᠠᠶᠢᠭᠰᠠᠨ ᠲᠡᠦᠬᠡ ᠶᠢᠨ ᠬᠣᠣᠰ ᠦᠭᠡᠢ ᠦᠨᠡᠲᠦ ᠡᠳ᠋ ᠵᠦᠢᠯᠡᠰ ᠪᠣᠯᠤᠨ ᠪᠤᠰᠤᠳ ᠦᠵᠡᠮᠦᠷᠢ ᠳᠦ ᠠᠩᠬ᠎ᠠ ᠤᠳᠠᠭ᠎ᠠ ᠣᠯᠠᠨ ᠤᠯᠤᠰ ᠤᠨ ᠰᠲ᠋ᠠᠨᠳᠠᠷᠲ ᠤᠨ ᠳᠠᠭᠠᠤ ᠦᠨᠡᠯᠡᠭᠡ ᠬᠢᠯᠭᠡᠭᠰᠡᠨ ᠨᠢ ᠭᠣᠣᠯᠯᠠᠨ ᠨᠥᠯᠦᠭᠡᠯᠡᠵᠡᠢ᠃ ᠮᠥᠨ 2018 ᠣᠨ ᠳᠤ ᠡᠷᠳᠡᠨᠢᠰ ᠦᠨ ᠰᠠᠩ ᠤᠨ ᠰᠠᠩ ᠬᠥᠮᠥᠷᠭᠡ ᠶᠢ ᠠᠷᠤᠬᠠᠩᠭᠠᠢ ᠠᠶᠢᠮᠠᠭ ᠤᠨ ᠥᠨᠳᠥᠷ-ᠤᠯᠠᠭᠠᠨ ᠰᠤᠮᠤ ᠶᠢᠨ ᠨᠤᠲᠤᠭ ᠠᠴᠠ ᠣᠯᠳᠠᠭᠰᠠᠨ ᠮᠣᠩᠭᠣᠯ ᠤᠯᠤᠰ ᠤᠨ ᠬᠣᠣᠰ ᠦᠭᠡᠢ ᠦᠨᠡᠲᠦ ᠵᠦᠢᠯ ᠳᠦ ᠪᠦᠷᠢᠳᠬᠡᠭᠳᠡᠭᠰᠡᠨ ᠾᠦᠩᠨᠤ ᠶᠢᠨ ᠦᠶ᠎ᠡ ᠶᠢᠨ 78 ᠰᠢᠷᠬᠡᠭ ᠡᠳ᠋ ᠵᠦᠢᠯ᠂ ᠲᠡᠭᠦᠨᠴᠢᠯᠡᠨ ᠤᠷ᠎ᠠ ᠬᠢᠴᠡ ᠶᠢᠨ ᠬᠤᠪᠢ ᠳᠤ ᠳᠠᠬᠢᠨ ᠳᠠᠪᠲᠠᠭᠳᠠᠰᠢ ᠦᠭᠡᠢ ᠦᠵᠡᠮᠦᠷᠢ ᠨᠦᠭᠦᠳ ᠢᠶᠡᠷ ᠪᠠᠶᠠᠵᠢᠭᠤᠯᠤᠭᠰᠠᠨ ᠪᠠᠶᠢᠨ᠎ᠠ᠃ ᠮᠣᠩᠭᠣᠯ ᠪᠠᠩᠬᠢ ᠡᠷᠳᠡᠨᠢᠰ ᠦᠨ ᠰᠠᠩ ᠢ ᠪᠠᠶᠠᠵᠢᠭᠤᠯᠬᠤ ᠵᠣᠷᠢᠯᠭ᠎ᠠ ᠪᠠᠷ ᠪᠠᠶᠢᠭᠠᠯᠢ ᠠᠴᠠ ᠥᠪᠡᠷᠮᠢᠴᠡ ᠲᠣᠭᠲᠠᠴᠠ ᠲᠠᠢ ᠲᠥᠷᠥᠴᠡ ᠠᠯᠲᠠ ᠶᠢ ᠳᠡᠯᠡᠬᠡᠢ ᠶᠢᠨ ᠵᠠᠬ᠎ᠠ ᠵᠡᠭᠡᠯᠢ ᠶᠢᠨ ᠦᠨ᠎ᠡ ᠡᠴᠡ 10 ᠬᠤᠪᠢ ᠥᠨᠳᠥᠷ ᠦᠨ᠎ᠡ ᠪᠡᠷ ᠬᠤᠳᠠᠯᠳᠤᠵᠤ ᠠᠪᠴᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ