ᠡᠨᠡ ᠣᠨ ᠤ ᠲᠠᠪᠤᠳᠤᠭᠠᠷ ᠰᠠᠷ᠎ᠠ ᠶᠢᠨ 1 ᠬᠦᠷᠲᠡᠯᠡᠬᠢ ᠬᠤᠭᠤᠴᠠᠭᠠᠨ ᠳᠤ ᠵᠣᠬᠢᠶᠠᠨ ᠪᠠᠶᠢᠭᠤᠯᠬᠤ ᠬᠤᠷᠳᠤᠨ ᠮᠣᠷᠢᠨ ᠤ ᠤᠷᠤᠯᠳᠤᠭᠠᠨ ᠳᠤ 12 ᠨᠠᠰᠤ ᠬᠦᠷᠦᠭᠡᠳᠦᠢ ᠬᠡᠦᠬᠡᠳ ᠢᠶᠡᠷ ᠮᠣᠷᠢ ᠤᠨᠤᠭᠤᠯᠵᠤ᠂ ᠬᠡᠦᠬᠡᠳ ᠦᠨ ᠡᠷᠬᠡ ᠶᠢ ᠵᠥᠷᠢᠴᠡᠬᠦ ᠦᠭᠡᠢ ᠪᠠᠶᠢᠬᠤ ᠶᠢ ᠰᠠᠨᠠᠭᠤᠯᠤᠭᠰᠠᠨ ᠠᠯᠪᠠᠨ ᠪᠢᠴᠢᠭ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ∙ᠽᠠᠨᠳᠠᠨᠰᠢᠲᠠᠷ᠎ᠠ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠨᠠᠷ ᠲᠤ ᠬᠦᠷᠭᠡᠭᠦᠯᠵᠡᠢ᠃
ᠠᠯᠪᠠᠨ ᠪᠢᠴᠢᠭ ᠲᠦ᠂ ︽ᠡᠪᠦᠯ ᠬᠠᠪᠤᠷ ᠤᠨ ᠤᠯᠠᠷᠢᠯ ᠤᠨ ᠬᠤᠷᠳᠤᠨ ᠮᠣᠷᠢᠨ ᠤ ᠤᠷᠤᠯᠳᠤᠭᠠᠨ ᠤ ᠲᠤᠬᠠᠢ︾ ᠵᠠᠰᠠᠭ ᠤᠨ ᠭᠠᠵᠠᠷ ᠤᠨ 2018 ᠣᠨ ᠤ 19 ᠳᠦᠭᠡᠷ ᠲᠣᠭᠲᠠᠭᠠᠯ ᠢᠶᠠᠷ᠂ ᠡᠪᠦᠯ ᠦᠨ ᠤᠯᠠᠷᠢᠯ ᠪᠣᠯᠤᠨ ᠵᠢᠯ ᠪᠦᠷᠢ ᠶᠢᠨ ᠬᠠᠪᠤᠷ ᠤᠨ ᠲᠡᠷᠢᠭᠦᠨ ᠰᠠᠷ᠎ᠠ ᠶᠢᠨ ᠰᠢᠨ᠎ᠡ ᠶᠢᠨ 3 ᠡᠴᠡ 5᠍ ᠳ᠋ᠤᠭᠠᠷ ᠰᠠᠷ᠎ᠠ ᠶᠢᠨ 1 ᠬᠦᠷᠲᠡᠯᠡᠬᠢ ᠬᠤᠭᠤᠴᠠᠭᠠᠨ ᠳᠤ 12 ᠬᠦᠷᠲᠡᠯᠡᠬᠢ ᠨᠠᠰᠤᠨ ᠤ ᠬᠡᠦᠬᠡᠳ ᠢᠶᠡᠷ ᠬᠤᠷᠳᠤᠨ ᠮᠣᠷᠢ ᠤᠨᠤᠭᠤᠯᠬᠤ ᠶᠢ ᠬᠣᠷᠢᠭᠯᠠᠭᠰᠠᠨ ᠢ ᠰᠠᠨᠠᠭᠤᠯᠤᠭᠰᠠᠨ ᠪᠠᠶᠢᠨ᠎ᠠ᠃ ᠠᠯᠪᠠᠨ ᠪᠢᠴᠢᠭ ᠢ ᠬᠦᠳᠡᠯᠮᠦᠷᠢ ᠨᠡᠶᠢᠭᠡᠮ ᠦᠨ ᠬᠠᠮᠠᠭᠠᠯᠠᠯ᠍ ᠤᠨ ᠶᠠᠮᠤᠨ ᠤ ᠰᠠᠶᠢᠳ ᠰ∙ᠴᠢᠩᠵᠣᠷᠢᠭ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠳᠠᠷᠤᠭ᠎ᠠ ᠵ∙ᠪᠢᠮᠪᠠᠳᠣᠷᠵᠢ᠂ ᠭᠡᠷ ᠪᠦᠯᠢ ᠬᠡᠦᠬᠡᠳ ᠵᠠᠯᠠᠭᠤᠴᠤᠳ ᠤᠨ ᠬᠥᠭᠵᠢᠯ ᠦᠨ ᠭᠠᠵᠠᠷ ᠤᠨ ᠳᠠᠷᠤᠭ᠎ᠠ ᠣ᠊∙ᠠᠯᠲᠠᠨᠰᠦ᠋ᠬᠡ᠂ ᠮᠣᠩᠭᠣᠯ ᠤᠨ ᠮᠣᠷᠢᠨ ᠰᠫᠣᠷᠲ ᠤᠶᠠᠭᠠᠴᠢᠳ ᠤᠨ ᠬᠣᠯᠪᠣᠭ᠎ᠠ ᠲᠥᠷᠥ ᠶᠢᠨ ᠪᠤᠰᠤ ᠪᠠᠶᠢᠭᠤᠯᠤᠯᠭ᠎ᠠ ᠶᠢᠨ ᠶᠡᠷᠦᠩᠬᠡᠶᠢᠯᠡᠭᠴᠢ ᠶᠢᠨ ᠡᠭᠦᠷᠭᠡ ᠶᠢ ᠲᠦᠷ ᠣᠷᠣᠯᠠᠨ ᠭᠦᠢᠴᠡᠳᠬᠡᠭᠴᠢ ᠮ∙ᠮᠥᠩᠬᠡᠪᠠᠶᠠᠰᠬᠤᠯᠠᠩ ᠨᠠᠷ ᠲᠤ ᠬᠦᠷᠭᠡᠭᠦᠯᠵᠦ᠂ ᠬᠡᠷᠡᠭᠵᠢᠭᠦᠯᠵᠦ ᠠᠵᠢᠯᠯᠠᠬᠤ ᠶᠢ ᠡᠭᠦᠷᠭᠡ ᠪᠣᠯᠭᠠᠭᠠᠳ ᠪᠠᠶᠢᠨ᠎ᠠ᠃