ᠮᠥᠰᠦᠨ ᠤᠷᠠᠯᠠᠯ ᠤᠨ ᠤᠷᠤᠯᠳᠤᠭᠠᠨ ᠪᠣᠯᠤᠨ᠎ᠠ | News.MN

ᠮᠥᠰᠦᠨ ᠤᠷᠠᠯᠠᠯ ᠤᠨ ᠤᠷᠤᠯᠳᠤᠭᠠᠨ ᠪᠣᠯᠤᠨ᠎ᠠ

︽ᠲᠤᠶᠢᠨ ᠭᠣᠣᠯ ᠤᠨ ᠵᠢᠪᠠᠷ -2019︾ ᠡᠪᠦᠯ ᠦᠨ ᠨᠠᠭᠠᠳᠤᠮ ᠪᠠᠶᠠᠨᠬᠣᠩᠭᠣᠷ  ᠬᠤᠲᠠᠨ᠎ᠠ ᠡᠨᠡ ᠰᠠᠷ᠎ᠠ ᠶᠢᠨ 19 ᠍ ᠳᠦ ᠪᠤᠯᠬᠤ ᠭᠡᠵᠤ ᠪᠠᠶᠢᠨ᠎ᠠ ᠃ ᠡᠪᠦᠯ ᠦᠨ ᠤᠯᠠᠷᠢᠯ ᠳᠤ ᠮᠣᠩᠭᠣᠯᠴᠤᠳ ᠤᠨ ᠳᠤᠮᠳᠠ ᠤᠯᠠᠮᠵᠢᠯᠠᠭᠳᠠᠨ ᠢᠷᠡᠭᠰᠡᠨ ᠪᠠᠶᠠᠷ ᠨᠠᠭᠠᠳᠤᠮ ᠢ ᠲᠦᠭᠡᠭᠡᠨ ᠳᠡᠯᠭᠡᠷᠡᠭᠦᠯᠬᠦ᠂ ᠰᠤᠷᠲᠠᠯᠴᠢᠯᠠᠨ ᠲᠠᠨᠢᠭᠤᠯᠬᠤ᠂ ᠬᠣᠶᠢᠴᠢ  ᠦᠶ᠎ᠡ ᠳᠦ ᠪᠡᠨ ᠥᠪᠯᠡᠭᠦᠯᠬᠦ᠂ ᠰᠤᠶᠤᠯ ᠰᠫᠣᠷᠲ ᠠᠶᠠᠯᠠᠯ ᠵᠢᠭᠤᠯᠴᠢᠯᠠᠯ ᠤᠨ ᠲᠥᠷᠥᠯ ᠦᠳ ᠲᠡᠢ ᠬᠣᠣᠰᠯᠠᠭᠤᠯᠤᠨ ᠬᠥᠭᠵᠢᠭᠦᠯᠬᠦ ᠵᠣᠷᠢᠯᠭ᠎ᠠ ᠪᠠᠷ ᠲᠤᠰ ᠨᠠᠭᠠᠳᠤᠮ ᠢ ᠤᠯᠠᠮᠵᠢᠯᠠᠯ ᠪᠣᠯᠭᠠᠨ ᠲᠡᠮᠳᠡᠭᠯᠡᠵᠦ ᠪᠤᠢ᠃ ᠨᠠᠭᠠᠳᠤᠮ ᠤᠨ ᠬᠦᠷᠢᠶᠡᠨ ᠳᠦ ᠢᠷᠭᠡᠳ᠂ ᠠᠵᠤ ᠠᠬᠤᠢ ᠨᠢᠭᠡᠴᠢ᠂ ᠪᠠᠶᠢᠭᠤᠯᠤᠯᠭ᠎ᠠ ᠨᠤᠭᠤᠳ ᠤᠨ ᠤᠶᠠᠯᠳᠤᠭ᠎ᠠ ᠬᠣᠯᠪᠣᠭ᠎ᠠ ᠰᠠᠶᠢᠵᠢᠷᠠᠬᠤ ᠶᠢᠨ ᠵᠡᠷᠭᠡᠴᠡᠭᠡ ᠡᠷᠡᠭᠦᠯ ᠠᠭᠠᠷ ᠲᠤ ᠵᠥᠪ ᠪᠣᠯᠪᠠᠰᠤᠨ ᠠᠮᠠᠷᠠᠬᠤ ᠳᠠᠳᠤᠯ ᠵᠤᠷᠰᠢᠯ ᠢ ᠲᠥᠯᠦᠪᠰᠢᠭᠦᠯᠬᠦ ᠵᠣᠷᠢᠯᠭ᠎ᠠ ᠲᠠᠢ ᠪᠣᠯᠬᠤ ᠶᠢ ᠵᠣᠬᠢᠶᠠᠨ ᠪᠠᠶᠢᠭᠤᠯᠤᠭᠴᠢᠳ ᠬᠡᠯᠡᠵᠦ ᠪᠠᠶᠢᠨ᠎ᠠ᠃
ᠮᠥᠨ ᠦᠶ᠎ᠡ ᠪᠡᠷ ᠮᠣᠩᠭᠣᠯ ᠦᠨᠳᠦᠰᠦᠲᠡᠨ ᠦ ᠬᠤᠪᠴᠠᠰᠤ ᠲᠠᠢ ᠰᠠᠶᠢᠬᠠᠨ ᠬᠣᠣᠰ ᠰᠢᠯᠭᠠᠷᠠᠭᠤᠯᠬᠤ᠂ ᠮᠥᠰᠦᠨ ᠱᠠᠭ᠎ᠠ᠂ ᠬᠡᠭᠡᠷ᠎ᠡ ᠶᠢᠨ ᠴᠠᠢ ᠶᠢᠨ ᠠᠮᠲᠠ᠂ ᠲᠡᠰᠢᠭᠦᠷ ᠦᠨ ᠤᠷᠤᠯᠳᠤᠭᠠᠨ᠂ ᠮᠥᠰᠥ ᠪᠡᠷ ᠤᠷᠠᠯᠠᠭᠰᠠᠨ ᠪᠦᠲᠦᠭᠡᠯ ᠰᠢᠯᠭᠠᠷᠠᠭᠤᠯᠬᠤ ᠤᠷᠤᠯᠳᠤᠭᠠᠨ  ᠪᠣᠯᠬᠤ ᠪᠥᠭᠡᠳ ᠤᠷᠤᠯᠴᠠᠬᠤ ᠪᠠᠭ ᠪᠣᠯᠤᠨ ᠪᠠᠶᠢᠭᠤᠯᠤᠯᠭ᠎ᠠ ᠨᠤᠭᠤᠳ ᠦᠨᠳᠦᠰᠦᠨ ᠦ ᠣᠨᠴᠠᠯᠢᠭ ᠢ ᠢᠯᠡᠷᠬᠡᠶᠢᠯᠡᠭᠰᠡᠨ ᠮᠣᠩᠭᠣᠯ ᠬᠤᠪᠴᠠᠰᠤ ᠲᠠᠢ ᠪᠠᠶᠢᠬᠤ ᠶᠤᠮ᠃ ᠨᠠᠭᠠᠳᠤᠮ ᠳᠤ ᠲᠥᠷᠥ ᠶᠢᠨ ᠪᠣᠯᠤᠨ ᠲᠥᠷᠥ ᠶᠢᠨ ᠪᠤᠰᠤ ᠪᠠᠶᠢᠭᠤᠯᠤᠯᠭ᠎ᠠ᠂ ᠠᠵᠤ ᠠᠬᠤᠢ ᠨᠢᠭᠡᠴᠢ᠂ ᠺᠣᠮᠫᠠᠨᠢ᠂ ᠰᠤᠮᠤ ᠪᠠᠭ ᠤᠨ ᠢᠷᠭᠡᠳ᠂ ᠵᠣᠴᠢᠯᠠᠬᠤ ᠦᠢᠯᠡᠴᠢᠯᠡᠭᠡᠨ ᠦ ᠰᠠᠯᠪᠤᠷᠢ᠂ ᠭᠠᠷ ᠤᠷᠠᠯᠠᠯ᠂ ᠪᠡᠯᠡᠭ ᠳᠤᠷᠠᠰᠬᠠᠯ ᠤᠨ ᠦᠢᠯᠡᠳᠪᠦᠷᠢᠯᠡᠯ ᠡᠷᠬᠢᠯᠡᠭᠴᠢᠳ᠂ ᠬᠢᠯᠢ ᠵᠡᠷᠭᠡᠯᠡᠳᠡᠭᠡ ᠠᠶᠢᠮᠠᠭ᠂ ᠰᠤᠮᠤᠳ ᠤᠷᠤᠯᠴᠠᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ