ᠦᠯᠦ ᠬᠥᠳᠡᠯᠬᠦ ᠬᠥᠷᠥᠩᠭᠡ ᠶᠢᠨ ᠵᠠᠭᠤᠴᠢᠯᠠᠯ ᠤᠨ ᠰᠠᠯᠪᠤᠷᠢ ᠳᠤ ᠴᠢᠳᠠᠪᠤᠷᠢᠯᠢᠭ ᠮᠡᠷᠭᠡᠵᠢᠯᠲᠡᠨ ᠷᠸᠶᠠᠯᠲ᠋ᠤᠷ ᠤᠳ ᠤᠨ ᠮᠠᠩᠯᠠᠶᠢᠯᠠᠯ ᠢ ᠪᠤᠢ ᠪᠣᠯᠭᠠᠭᠰᠠᠨ ᠢᠶᠠᠷ ᠡᠨᠡ ᠰᠠᠯᠪᠤᠷᠢ ᠶᠢᠨ ᠡᠷᠬᠡ ᠵᠦᠢ ᠶᠢᠨ ᠣᠷᠴᠢᠨ ᠢ ᠰᠠᠶᠢᠵᠢᠷᠠᠭᠤᠯᠵᠤ᠂ ᠢᠷᠭᠡᠳ ᠦᠨ ᠥᠮᠴᠢᠯᠡᠬᠦ ᠡᠷᠬᠡ ᠶᠢ ᠬᠠᠩᠭᠠᠵᠤ ᠬᠠᠮᠠᠭᠠᠯᠠᠬᠤ ᠳᠤ ᠷᠸᠶᠠᠯᠲ᠋ᠤᠷ ᠤᠳ ᠤᠨ ᠣᠷᠣᠯᠴᠠᠭ᠎ᠠ ᠶᠢ ᠨᠡᠮᠡᠭᠳᠡᠭᠦᠯᠬᠦ ᠲᠠᠯ᠎ᠠ ᠪᠠᠷ ᠮᠠᠷᠭᠠᠰᠢ ᠪᠣᠯᠬᠤ ︽ᠷᠸᠶᠠᠯᠲ᠋ᠤᠷ ᠤᠳ ᠤᠨ ᠠᠩᠬᠠᠳᠤᠭᠠᠷ ᠹᠣᠷᠣᠮ︾᠍ ᠢᠶᠡᠷ ᠬᠡᠯᠡᠯᠴᠡᠬᠦ ᠭᠡᠵᠦ ᠪᠠᠶᠢᠨ᠎ᠠ᠃
ᠪᠠᠷᠢᠯᠭ᠎ᠠ᠂ ᠬᠣᠲᠠ ᠪᠠᠶᠢᠭᠤᠯᠤᠯᠲᠠ ᠶᠢᠨ ᠶᠠᠮᠤᠨ ᠤ ᠳᠡᠮᠵᠢᠯᠭᠡ ᠪᠡᠷ ︽ᠮᠣᠩᠭᠣᠯ ᠤᠨ ᠦᠯᠦ ᠬᠥᠳᠡᠯᠬᠦ ᠬᠥᠷᠥᠩᠭᠡ ᠶᠢᠨ ᠤᠳᠤᠷᠢᠳᠤᠯᠭ᠎ᠠ ᠶᠢᠨ ᠠᠺᠠᠳᠧᠮᠢ︾ ᠲᠥᠷᠥ ᠶᠢᠨ ᠪᠤᠰᠤ ᠪᠠᠶᠢᠭᠤᠯᠤᠯᠭ᠎ᠠ ᠠᠴᠠ ᠵᠣᠬᠢᠶᠠᠨ ᠪᠠᠶᠢᠭᠤᠯᠬᠤ ︽ᠷᠸᠶᠠᠯᠲ᠋ᠤᠷ ᠤᠳ ᠤᠨ ᠹᠣᠷᠣᠮ-2019︾ ᠳᠦ 70 ᠰᠢᠬᠠᠮ ᠷᠸᠶᠠᠯᠲ᠋ᠤᠷ ᠣᠷᠣᠯᠴᠠᠵᠤ ᠦᠯᠦ ᠬᠥᠳᠡᠯᠬᠦ ᠬᠥᠷᠥᠩᠭᠡ ᠶᠢᠨ ᠵᠠᠭᠤᠴᠢᠯᠠᠯ ᠤᠨ ᠰᠠᠯᠪᠤᠷᠢ ᠳᠤ ᠦᠷ᠎ᠡ ᠳ᠋ᠦᠩ ᠲᠡᠢ ᠬᠡᠯᠡᠴᠡᠯ ᠬᠢᠬᠦ ᠮᠡᠷᠭᠡᠵᠢᠯ ᠦᠨ ᠮᠠᠷᠺᠧᠲ᠋ᠢᠩ ᠤᠨ ᠬᠥᠭᠵᠢᠯ᠂ ᠣᠯᠠᠨ ᠤᠯᠤᠰ ᠤᠨ ᠠᠯᠪᠠᠨ ᠶᠣᠰᠣᠨ ᠤ ᠢᠲᠡᠭᠡᠮᠵᠢᠯᠡᠭᠳᠡᠭᠰᠡᠨ ᠮᠡᠷᠭᠡᠵᠢᠯᠲᠡᠨ ᠦ ᠡᠷᠬᠡ᠂ ᠴᠢᠳᠠᠪᠤᠷᠢᠯᠢᠭ ᠷᠸᠶᠠᠯᠲ᠋ᠤᠷ ᠪᠣᠯᠬᠤ ᠳᠤ ᠶᠠᠭᠤᠨ ᠳᠤ ᠠᠩᠬᠠᠷᠬᠤ ᠵᠡᠷᠭᠡ ᠰᠡᠳᠦᠪ ᠢ ᠬᠥᠨᠳᠡᠨ ᠬᠡᠯᠡᠯᠴᠡᠵᠦ ᠷᠸᠶᠠᠯᠲ᠋ᠤᠷ ᠤᠳ ᠲᠤᠷᠰᠢᠯᠭ᠎ᠠ ᠪᠠᠨ ᠬᠤᠪᠢᠶᠠᠯᠴᠠᠵᠤ᠂ ᠰᠠᠨᠠᠯ ᠪᠣᠳᠣᠯ ᠢᠶᠠᠨ ᠰᠣᠯᠢᠯᠴᠠᠨ᠎ᠠ᠃ ᠡᠨᠡ ᠳᠠᠰᠢᠷᠠᠮ ᠳᠤ ᠳᠤᠷᠠᠳᠬᠤ ᠳᠤ ᠦᠨᠳᠦᠰᠦᠨ ᠦ ᠷᠸᠶᠠᠯᠲ᠋ᠤᠷ ᠤᠳ ᠤᠨ ᠪᠠᠶᠢᠭᠤᠯᠤᠯᠭ᠎ᠠ ᠪᠠᠷᠢᠯᠭ᠎ᠠ ᠬᠣᠲᠠ ᠪᠠᠶᠢᠭᠤᠯᠤᠯᠲᠠ ᠶᠢᠨ ᠶᠠᠮᠤᠨ ᠲᠠᠢ ᠦᠯᠦ ᠬᠥᠳᠡᠯᠬᠦ ᠬᠥᠷᠥᠩᠭᠡ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠢ ᠪᠠᠶᠢᠭᠤᠯᠤᠨ ᠠᠵᠢᠯᠯᠠᠵᠤ ᠪᠠᠶᠢᠨ᠎ᠠ᠃