︽ᠭᠣᠪᠢ︾ ᠶᠢᠨ ᠬᠤᠪᠢᠴᠠᠭ᠎ᠠ ᠶᠢ 100 ᠬᠤᠪᠢᠶᠠᠨ᠎ᠠ | News.MN

︽ᠭᠣᠪᠢ︾ ᠶᠢᠨ ᠬᠤᠪᠢᠴᠠᠭ᠎ᠠ ᠶᠢ 100 ᠬᠤᠪᠢᠶᠠᠨ᠎ᠠ

︽ᠭᠣᠪᠢ︾ ᠺᠣᠮᠫᠠᠨᠢ ᠶᠢᠨ ᠨᠡᠶᠢᠲᠡ ᠳᠦ ᠰᠠᠨᠠᠯ ᠪᠣᠯᠭᠠᠭᠰᠠᠨ ᠨᠢᠭᠡ ᠪᠦᠷᠢ ᠨᠢ 100 ᠲᠥᠭᠥᠷᠢᠭ ᠦᠨ ᠨᠡᠷᠡᠯᠡᠭᠰᠡᠨ ᠦᠨ᠎ᠡ ᠪᠦᠬᠦᠢ 7 ᠰᠠᠶ᠎ᠠ 801 ᠮᠢᠩᠭ᠎ᠠ 125 ᠰᠢᠷᠬᠡᠭ ᠬᠤᠪᠢᠴᠠᠭ᠎ᠠ ᠶᠢ 100 ᠬᠤᠪᠢᠶᠠᠵᠤ᠂ ᠨᠢᠭᠡ ᠪᠦᠷᠢ ᠨᠢ ᠨᠢᠭᠡ ᠲᠥᠭᠥᠷᠢᠭ ᠦᠨ ᠨᠡᠷᠡᠯᠡᠭᠰᠡᠨ ᠦᠨ᠎ᠡ ᠪᠦᠬᠦᠢ 780 ᠰᠠᠶ᠎ᠠ 112 ᠮᠢᠩᠭ᠎ᠠ 500 ᠰᠢᠷᠬᠡᠭ ᠡᠩ ᠦᠨ ᠬᠤᠪᠢᠴᠠᠭ᠎ᠠ ᠪᠣᠯᠭᠠᠬᠤ ᠪᠠᠷ ᠰᠢᠢᠳᠪᠦᠷᠢᠯᠡᠭᠰᠡᠨ ᠲᠠᠯ᠎ᠠ ᠪᠠᠷ ᠰᠠᠩᠬᠦᠦ ᠶᠢᠨ ᠵᠣᠬᠢᠴᠠᠭᠤᠯᠬᠤ ᠬᠣᠷᠢᠶ᠎ᠠ ᠮᠡᠳᠡᠭᠡᠯᠡᠯ᠎ᠡ᠃ ᠢᠩᠭᠢᠭᠰᠡᠨ ᠢᠶᠡᠷ ᠬᠤᠪᠢᠴᠠᠭᠠᠨ ᠤ ᠬᠦᠷᠪᠡᠬᠦ ᠴᠢᠳᠠᠪᠤᠷᠢ᠂ ᠬᠤᠪᠢᠴᠠᠭ᠎ᠠ ᠡᠵᠡᠮᠰᠢᠭᠴᠢᠳ ᠦᠨ ᠲᠣᠭ᠎ᠠ ᠶᠢ ᠨᠡᠮᠡᠭᠳᠡᠭᠦᠯᠬᠦ᠂ ᠺᠣᠮᠫᠠᠨᠢ ᠶᠢᠨ ᠵᠠᠬ᠎ᠠ ᠵᠡᠭᠡᠯᠢ ᠶᠢᠨ ᠦᠨᠡᠯᠡᠭᠡ ᠶᠢ ᠥᠰᠬᠡᠬᠦ᠂ ᠴᠢᠨᠠᠭᠰᠢᠯᠠᠭᠠᠳ ᠬᠤᠪᠢᠴᠠᠭᠠᠨ ᠤ ᠲᠥᠪᠯᠡᠷᠡᠯ ᠢ ᠪᠠᠭᠤᠷᠠᠭᠤᠯᠬᠤ ᠠᠴᠢ ᠬᠣᠯᠪᠣᠭᠳᠠᠯ ᠲᠠᠢ ᠭᠡᠵᠦ ᠰᠠᠩᠬᠦᠦ ᠶᠢᠨ ᠵᠣᠬᠢᠴᠠᠭᠤᠯᠬᠤ ᠬᠣᠷᠢᠶ᠎ᠠ ᠮᠡᠳᠡᠭᠡᠯᠡᠭᠰᠡᠨ ᠶᠤᠮ᠃ ᠮᠥᠨ ᠬᠤᠪᠢᠴᠠᠭ᠎ᠠ ᠬᠤᠪᠢᠶᠠᠬᠤ ᠦᠢᠯᠡ ᠠᠵᠢᠯᠯᠠᠭ᠎ᠠ ᠶᠢ ᠠᠵᠢᠯ ᠤᠨ 10 ᠬᠣᠨᠣᠭ ᠤᠨ ᠳᠣᠲᠣᠷ᠎ᠠ ᠪᠠᠭᠲᠠᠭᠠᠨ ᠭᠦᠢᠴᠡᠳᠭᠡᠬᠦ ᠶᠢ ᠮᠣᠩᠭᠣᠯ ᠤᠨ ᠬᠥᠷᠥᠩᠭᠡ ᠶᠢᠨ ᠪᠢᠷᠵᠢ ᠪᠣᠯᠤᠨ ᠦᠨᠡᠲᠦ ᠴᠠᠭᠠᠰᠤᠨ ᠤ ᠲᠥᠪᠯᠡᠷᠡᠭᠰᠡᠨ ᠬᠠᠳᠠᠭᠠᠯᠠᠮᠵᠢ ᠶᠢᠨ ᠲᠦᠪ ᠲᠦ ᠡᠭᠦᠷᠭᠡ ᠪᠣᠯᠭᠠᠵᠠᠢ᠃

ᠰᠡᠳᠬᠢᠭᠳᠡᠯ ᠦᠯᠡᠳᠡᠭᠡᠬᠦ