ᠰ∙ᠪᠠᠶᠠᠷᠴᠣᠭᠲᠤ ᠶᠢ ᠨᠢᠭᠡ ᠰᠠᠷ᠎ᠠ  ᠴᠠᠭᠳᠠᠨ ᠬᠣᠷᠢᠬᠤ ᠪᠠᠷ ᠪᠣᠯᠤᠯ᠎ᠠ | News.MN

ᠰ∙ᠪᠠᠶᠠᠷᠴᠣᠭᠲᠤ ᠶᠢ ᠨᠢᠭᠡ ᠰᠠᠷ᠎ᠠ  ᠴᠠᠭᠳᠠᠨ ᠬᠣᠷᠢᠬᠤ ᠪᠠᠷ ᠪᠣᠯᠤᠯ᠎ᠠ

ᠨᠡᠶᠢᠰᠯᠡᠯ ᠦᠨ ᠫᠷᠣᠺᠦ᠋ᠷᠣᠷ ᠤᠨ ᠭᠠᠵᠠᠷ ᠠᠴᠠ ᠰ∙ᠪᠠᠶᠠᠷᠴᠣᠭᠲᠤ ᠶᠢ ᠶᠠᠯᠠᠯᠠᠭᠳᠠᠭᠴᠢ ᠪᠠᠷ ᠴᠠᠭᠳᠠᠨ ᠬᠤᠷᠢᠬᠤ ᠲᠠᠰᠤᠯᠤᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠠᠭᠤᠯᠬᠤ ᠲᠤᠬᠠᠢ ᠰᠠᠨᠠᠯ ᠢᠷᠡᠭᠦᠯᠦᠭᠰᠡᠨ ᠦ ᠳᠠᠭᠠᠤ ᠰᠦᠬᠡᠪᠠᠭᠠᠲᠤᠷ ᠳᠡᠭᠦᠷᠭᠡ ᠶᠢᠨ ᠡᠷᠡᠭᠦᠦ ᠶᠢᠨ ᠬᠡᠷᠡᠭ ᠦᠨ ᠠᠩᠬᠠᠨ ᠱᠠᠲᠤᠨ ᠤ ᠰᠢᠭᠦᠬᠦ ᠬᠦᠯᠢᠶᠡᠨ ᠠᠪᠴᠤ ᠬᠢᠨᠠᠭᠰᠠᠨ ᠪᠠᠶᠢᠨ᠎ᠠ᠃ ᠥᠨᠥᠳᠥᠷ ᠰᠢᠭᠦᠬᠦ ᠬᠤᠷᠠᠯ 14 ᠴᠠᠭ ᠲᠤ ᠡᠬᠢᠯᠡᠵᠦ ᠤᠯᠠᠮ ᠢᠶᠠᠷ ᠰ∙ᠪᠠᠶᠠᠷᠴᠣᠭᠲᠤ ᠶᠢ 2019 ᠣᠨ ᠤ ᠨᠢᠭᠡᠳᠦᠭᠡᠷ ᠰᠠᠷ᠎ᠠ ᠶᠢᠨ 16 ᠤ ᠡᠳᠦᠷ ᠡᠴᠡ ᠡᠬᠢᠯᠡᠨ ᠨᠢᠭᠡ ᠰᠠᠷ᠎ᠠ ᠶᠢᠨ ᠬᠤᠭᠤᠴᠠᠭ᠎ᠠ ᠪᠠᠷ ᠶᠠᠯᠠᠯᠠᠭᠳᠠᠭᠴᠢ ᠪᠠᠷ ᠴᠠᠭᠳᠠᠨ ᠬᠤᠷᠢᠬᠤ ᠲᠠᠰᠤᠯᠤᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠪᠠᠷ ᠰᠢᠢᠳᠪᠦᠷᠢᠯᠡᠵᠡᠢ᠃
ᠤᠴᠢᠷ ᠨᠢ ᠥᠩᠭᠡᠷᠡᠭᠰᠡᠨ ᠣᠨ ᠳᠤ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠠᠵᠢᠯᠯᠠᠵᠤ ᠪᠠᠶᠢᠭᠰᠠᠨ ᠬᠣᠶᠠᠷ ᠬᠦᠮᠦᠨ ᠢ ᠠᠪᠯᠢᠭ᠎ᠠ ᠲᠠᠢ ᠲᠡᠮᠡᠴᠡᠬᠦ ᠭᠠᠵᠠᠷ ᠠᠴᠠ ᠡᠷᠡᠭᠦᠦ ᠶᠢᠨ ᠬᠡᠷᠡᠭ ᠡᠭᠦᠰᠬᠡᠨ ᠰᠢᠯᠭᠠᠵᠤ ᠤᠯᠠᠮ ᠢᠶᠠᠷ ᠰᠠᠭᠠᠲᠠᠭᠤᠯᠤᠭᠰᠠᠨ ᠪᠠᠶᠢᠳᠠᠭ᠃ ᠲᠣᠳᠣᠷᠠᠭᠤᠯᠪᠠᠯ᠂ ᠶᠡᠷᠦᠩᠬᠡᠢ ᠰᠠᠶᠢᠳ ᠠᠰᠠᠨ ᠰ∙ᠪᠠᠶᠠᠷ᠂ ᠴ∙ᠰᠠᠶᠢᠬᠠᠨᠪᠢᠯᠢᠭ᠌ ᠪᠣᠯᠤᠨ ᠰᠠᠩ ᠤᠨ ᠰᠠᠶᠢᠳ ᠠᠰᠠᠨ ᠰ ∙ ᠪᠠᠶᠠᠷᠴᠤᠭᠲᠤ ᠨᠠᠷ ᠢ  ᠤᠭ᠍ᠶᠤᠲᠤᠯᠤᠭᠠᠢ ᠶᠢᠨ ᠬᠥᠷᠥᠩᠭᠡ ᠣᠷᠣᠭᠤᠯᠤᠯᠲᠠ ᠶᠢᠨ ᠭᠡᠷ᠎ᠡ ᠶᠢ ᠠᠩᠬ᠎ᠠ ᠪᠠᠶᠢᠭᠤᠯᠬᠤ ᠳᠤ ᠪᠠᠨ ᠡᠷᠬᠡ ᠮᠡᠳᠡᠯ᠂ ᠠᠯᠪᠠᠨ ᠲᠤᠰᠢᠶᠠᠯ ᠤᠨ ᠪᠠᠶᠢᠳᠠᠯ ᠢᠶᠠᠨ ᠤᠷᠪᠠᠭᠤᠯᠤᠨ ᠠᠰᠢᠭᠯᠠᠵᠤ ᠪᠤᠰᠤᠳ ᠲᠤ ᠳᠠᠪᠠᠭᠤ ᠡᠷᠬᠡ ᠣᠯᠭᠤᠭᠰᠠᠨ ᠪᠠᠶᠢᠵᠤ ᠪᠣᠯᠵᠣᠰᠢ ᠦᠭᠡᠢ ᠭᠡᠬᠦ ᠦᠨᠳᠦᠰᠦᠯᠡᠯ ᠢᠶᠡᠷ ᠶᠠᠯᠠᠯᠠᠭᠳᠠᠭᠴᠢ ᠪᠠᠷ ᠲᠠᠲᠠᠨ ᠰᠢᠯᠭᠠᠵᠤ ᠡᠬᠢᠯᠡᠭᠰᠡᠨ ᠪᠢᠯᠡ᠃

ᠰᠡᠳᠬᠢᠭᠳᠡᠯ ᠦᠯᠡᠳᠡᠭᠡᠬᠦ