ᠫᠠᠷᠯᠠᠮᠸᠨᠲ ᠤᠨ ᠬᠢᠨ ᠠᠽᠢᠶ᠎ᠠ᠂ ᠨᠣᠮᠣᠬᠠᠨ ᠳᠠᠯᠠᠢ ᠶᠢᠨ ᠬᠤᠷᠠᠯᠳᠤᠭᠠᠨ ᠳᠤ ᠣᠷᠣᠯᠴᠠᠵᠤ ᠪᠠᠶᠢᠨ᠎ᠠ | News.MN

ᠫᠠᠷᠯᠠᠮᠸᠨᠲ ᠤᠨ ᠬᠢᠨ ᠠᠽᠢᠶ᠎ᠠ᠂ ᠨᠣᠮᠣᠬᠠᠨ ᠳᠠᠯᠠᠢ ᠶᠢᠨ ᠬᠤᠷᠠᠯᠳᠤᠭᠠᠨ ᠳᠤ ᠣᠷᠣᠯᠴᠠᠵᠤ ᠪᠠᠶᠢᠨ᠎ᠠ

ᠤᠯᠤᠰ ᠤᠨ ᠶᠡᠬᠡ ᠬᠤᠷᠠᠯ ᠦᠨ ᠭᠡᠰᠢᠭᠦᠨ᠂ ᠤᠯᠤᠰ ᠤᠨ ᠶᠡᠬᠡ ᠬᠤᠷᠠᠯ ᠤᠨ ᠨᠡᠶᠢᠭᠡᠮ ᠤᠨ ᠪᠣᠳᠣᠯᠭ᠎ᠠ ᠪᠣᠯᠪᠠᠰᠤᠷᠠᠯ᠂ ᠰᠤᠶᠤᠯ ᠰᠢᠨᠵᠢᠯᠡᠬᠦ ᠤᠬᠠᠭᠠᠨ ᠤ ᠪᠠᠶᠢᠩᠭᠤ ᠶᠢᠨ ᠬᠣᠷᠢᠶᠠᠨ ᠤ ᠳᠠᠷᠤᠭ᠎ᠠ ᠶᠣ᠊∙ᠪᠠᠭᠠᠳᠤᠷᠪᠢᠯᠢᠭ᠌᠂ ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠱ∙ᠷᠠᠳᠨᠠᠰᠸᠳᠢ ᠂ ᠤᠯᠤᠰ ᠤᠨ ᠶᠡᠬᠡ ᠬᠤᠷᠠᠯ ᠦᠨ ᠭᠡᠰᠢᠭᠦᠨ ᠰ∙ᠡᠷᠳᠡᠨᠢ ᠨᠠᠷ 2019 ᠣᠨ ᠤ 01 ᠳ᠋ᠤᠭᠡᠷ ᠰᠠᠷ᠎ᠠ ᠶᠢᠨ 14-17 ᠍ ᠤ ᠡᠳᠦᠷ ᠦᠳ ᠲᠦ  ᠺᠠᠮᠪᠤᠵᠠ ᠳᠦ ᠵᠣᠬᠢᠶᠠᠨ ᠪᠠᠶᠢᠭᠤᠯᠤᠭᠳᠠᠵᠤ ᠪᠤᠢ ᠠᠽᠢᠶ᠎ᠠ ᠨᠣᠮᠣᠬᠠᠨ ᠳᠠᠯᠠᠢ ᠶᠢᠨ ᠣᠷᠣᠨ ᠨᠤᠭᠤᠳ ᠤᠨ ᠫᠠᠷᠯᠠᠮᠧᠨᠲ ᠤᠨ ᠴᠢᠭᠤᠯᠭᠠᠨ ᠤ 27 ᠳ᠋ᠤᠭᠠᠷ ᠬᠤᠷᠠᠯᠳᠤᠭᠠᠨ ᠳᠤ ᠣᠷᠣᠯᠴᠠᠵᠤ ᠪᠠᠶᠢᠨ᠎ᠠ᠃
︽ᠡᠩᠬᠡ ᠲᠠᠶᠢᠪᠤᠩ᠂ ᠠᠶᠤᠯᠭᠦᠢ ᠪᠠᠶᠢᠳᠠᠯ᠂ ᠲᠣᠭᠲᠠᠪᠤᠷᠢᠲᠠᠢ ᠬᠥᠭᠵᠢᠯ ᠦᠨ ᠲᠥᠯᠦᠭᠡᠬᠢ ᠫᠠᠷᠯᠠᠮᠧᠨᠲ ᠤᠨ ᠲᠦᠩᠰᠢᠯᠡᠯ ᠢ ᠪᠡᠬᠢᠵᠢᠭᠦᠯᠬᠦ ᠨᠢ︾ ᠰᠡᠳᠦᠪᠲᠦ ᠡᠨᠡ ᠤᠳᠠᠭ᠎ᠠ ᠶᠢᠨ ᠴᠢᠭᠤᠯᠭᠠᠨ ᠳᠤ ᠭᠡᠰᠢᠭᠦᠨ ᠣᠷᠣᠨ ᠨᠤᠭᠤᠳ ᠤᠨ 400 ᠣᠷᠴᠢᠮ ᠲᠥᠯᠥᠭᠡᠯᠡᠭᠴᠢ ᠣᠷᠣᠯᠴᠠᠵᠤ᠂ ᠤᠯᠤᠰ ᠲᠥᠷᠥ᠂ ᠠᠶᠤᠯᠭᠦᠢ ᠪᠠᠶᠢᠳᠠᠯ᠂ ᠪᠥᠰᠡ ᠨᠤᠲᠤᠭ ᠤᠨ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭ᠎ᠠ᠂ ᠲᠣᠭᠲᠠᠪᠤᠷᠢᠲᠠᠢ ᠬᠥᠭᠵᠢᠯ᠂ ᠵᠧᠨᠳᠧᠷ ᠦᠨ ᠲᠡᠭᠰᠢ ᠪᠠᠶᠢᠳᠠᠯ᠂ ᠠᠶᠠᠯᠠᠯ ᠵᠢᠭᠤᠯᠴᠢᠯᠠᠯ᠂ ᠴᠠᠬᠢᠮ ᠠᠶᠤᠯᠭᠦᠢ ᠪᠠᠶᠢᠳᠠᠯ ᠵᠡᠷᠭᠡ ᠥᠷᠭᠡᠨ ᠬᠦᠷᠢᠶ᠎ᠡ ᠲᠡᠢ ᠠᠰᠠᠭᠤᠳᠠᠯ ᠢ ᠬᠡᠯᠡᠯᠴᠡᠵᠦ ᠪᠠᠶᠢᠨ᠎ᠠ᠃ ᠠᠽᠢᠶ᠎ᠠ ᠨᠣᠮᠣᠬᠠᠨ ᠳᠠᠯᠠᠢ ᠶᠢᠨ ᠣᠷᠣᠨ ᠨᠤᠭᠤᠳ ᠤᠨ ᠫᠠᠷᠯᠠᠮᠧᠨᠲ ᠤᠨ ᠴᠢᠭᠤᠯᠭ᠎ᠠ ᠠᠭᠤᠯᠵᠠᠯᠲᠠ ᠨᠢ ᠶᠠᠫᠣᠨ ᠤ ᠶᠡᠷᠦᠩᠬᠡᠢ ᠰᠠᠶᠢᠳ ᠠᠰᠠᠨ ᠶᠠᠰᠤᠾᠢᠷᠤ᠋ ᠨᠠᠺᠠᠰᠤᠨᠧ ᠶᠢᠨ ᠰᠠᠨᠠᠭᠠᠴᠢᠯᠠᠭ᠎ᠠ ᠪᠠᠷ 1993 ᠣᠨ ᠳᠤ ᠪᠠᠶᠢᠭᠤᠯᠤᠭᠳᠠᠭᠰᠠᠨ᠃ ᠮᠣᠩᠭᠣᠯ ᠤᠯᠤᠰ ᠭᠡᠰᠢᠭᠦᠨ ᠣᠷᠣᠨ ᠤ ᠬᠤᠪᠢ ᠳᠤ 1996 ᠣᠨ ᠠᠴᠠ ᠦᠢᠯᠡ ᠠᠵᠢᠯᠯᠠᠭᠠᠨ ᠳᠤ ᠨᠢ ᠢᠳᠡᠪᠬᠢᠲᠡᠢ ᠣᠷᠣᠯᠴᠠᠵᠤ ᠡᠬᠢᠯᠡᠭᠰᠡᠨ ᠪᠥᠭᠡᠳ ᠭᠦᠢᠴᠡᠳᠭᠡᠬᠦ ᠬᠣᠷᠢᠶᠠᠨ ᠤ 11 ᠭᠡᠰᠢᠭᠦᠨ ᠦ ᠨᠢᠭᠡ ᠶᠤᠮ᠃
ᠶᠣ᠊∙ᠪᠠᠭᠠᠳᠤᠷᠪᠢᠯᠢᠭ᠌ ᠭᠦᠢᠴᠡᠳᠭᠡᠬᠦ ᠬᠣᠷᠢᠶᠠᠨ ᠤ ᠬᠤᠷᠠᠯᠳᠤᠭᠠᠨ ᠳᠤ  ᠤᠷᠤᠯᠴᠠᠵᠤ ᠂ ᠬᠡᠯᠡᠭᠰᠡᠨ ᠦᠭᠡᠨ ᠳᠦ ᠪᠡᠨ ᠪᠥᠰᠡ ᠨᠤᠲᠤᠭ ᠤᠨ ᠬᠡᠮᠵᠢᠶᠡᠨ ᠦ ᠲᠣᠮᠣᠬᠠᠨ ᠠᠷᠭ᠎ᠠ ᠬᠡᠮᠵᠢᠶ᠎ᠡ ᠶᠢ ᠠᠮᠵᠢᠯᠲᠠᠲᠠᠢ ᠵᠣᠬᠢᠶᠠᠨ ᠪᠠᠶᠢᠭᠤᠯᠵᠤ ᠪᠤᠢ  ᠺᠠᠮᠪᠤᠵᠠ ᠶᠢᠨ ᠫᠠᠷᠯᠠᠮᠧᠨᠲ ᠲᠤ ᠲᠠᠯᠠᠷᠬᠠᠯ ᠢᠯᠡᠷᠬᠡᠶᠢᠯᠡᠭᠡᠳ᠂ ᠮᠣᠩᠭᠣᠯ ᠤᠯᠤᠰ ᠴᠢᠭᠤᠯᠭ᠎ᠠ ᠠᠭᠤᠯᠵᠠᠯᠲᠠ ᠶᠢᠨ ᠦᠢᠯᠡ ᠠᠵᠢᠯᠯᠠᠭᠠᠨ ᠳᠤ ᠢᠳᠡᠪᠬᠢᠲᠡᠢ ᠣᠷᠣᠯᠴᠠᠵᠤ᠂ ᠭᠠᠷᠭᠠᠭᠰᠠᠨ ᠬᠠᠮᠲᠤ ᠶᠢᠨ ᠰᠢᠢᠳᠪᠦᠷᠢ ᠶᠢ ᠬᠡᠷᠡᠭᠵᠢᠭᠦᠯᠬᠦ ᠶᠢᠨ ᠲᠥᠯᠥᠭᠡ ᠴᠢᠷᠮᠠᠶᠢᠬᠤ ᠪᠣᠯᠤᠨ᠎ᠠ ᠭᠡᠳᠡᠭ ᠢᠶᠡᠨ ᠣᠨᠴᠠᠯᠠᠯ᠎ᠠ᠃ ᠡᠨᠡ ᠤᠳᠠᠭ᠎ᠠ ᠶᠢᠨ ᠴᠢᠭᠤᠯᠭᠠᠨ ᠢᠶᠠᠷ ᠭᠡᠰᠢᠭᠦᠨ ᠣᠷᠣᠨ ᠨᠤᠭᠤᠳ ᠠᠴᠠ ᠬᠠᠮᠲᠤ ᠶᠢᠨ ᠠᠵᠢᠯᠯᠠᠭᠠᠨ ᠤ ᠰᠢᠨ᠎ᠡ ᠠᠯᠬᠤᠮ ᠬᠢᠬᠦ ᠳᠦ ᠴᠢᠭᠯᠡᠭᠰᠡᠨ 40 ᠣᠷᠴᠢᠮ ᠰᠠᠨᠠᠯ ᠰᠠᠨᠠᠭᠠᠴᠢᠯᠠᠭ᠎ᠠ ᠳᠡᠪᠰᠢᠭᠦᠯᠦᠭᠰᠡᠨ ᠪᠥᠭᠡᠳ ᠡᠳᠡᠭᠡᠷ ᠢ ᠨᠢᠭᠡᠳᠬᠡᠨ ᠲᠣᠭᠲᠠᠭᠠᠯ ᠤᠨ ᠬᠡᠯᠪᠡᠷᠢ ᠳᠦ ᠣᠷᠣᠭᠤᠯᠵᠤ᠂ ᠪᠣᠯᠪᠠᠰᠤᠷᠠᠭᠤᠯᠬᠤ ᠲᠥᠰᠥᠯ ᠦᠨ ᠬᠣᠷᠢᠶᠠᠨ ᠤ ᠬᠤᠷᠠᠯ ᠳᠤ ᠱ∙ᠷᠠᠳᠨᠠᠰᠸᠳᠢ ᠣᠷᠣᠯᠴᠠᠵᠤ᠂ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠡᠰᠡᠷᠭᠦ ᠬᠠᠷᠢᠭᠤ ᠠᠷᠭ᠎ᠠ ᠬᠡᠮᠵᠢᠶ᠎ᠡ ᠠᠪᠬᠤ ᠳᠤ ᠫᠠᠷᠯᠠᠮᠧᠨᠲ ᠤᠨ ᠭᠦᠢᠴᠡᠳᠭᠡᠬᠦ ᠡᠭᠦᠷᠭᠡ᠂ ᠣᠷᠣᠯᠴᠠᠭ᠎ᠠ ᠶᠢ ᠨᠡᠮᠡᠭᠳᠡᠭᠦᠯᠬᠦ ᠲᠤᠬᠠᠢ ᠪᠣᠯᠤᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠳᠦ ᠰᠤᠶᠤᠯ ᠤᠨ ᠣᠯᠠᠨ ᠲᠥᠷᠥᠯ ᠪᠠᠶᠢᠳᠠᠯ᠂ ᠠᠶᠠᠯᠠᠯ ᠵᠢᠭᠤᠯᠴᠢᠯᠠᠯ ᠢ ᠳᠡᠮᠵᠢᠬᠦ ᠳᠦ ᠫᠠᠷᠯᠠᠮᠧᠨᠲ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠤᠬᠠᠢ ᠲᠣᠭᠲᠠᠭᠠᠯ ᠤᠨ ᠲᠥᠰᠥᠯ ᠦᠳ ᠲᠦ ᠲᠤᠰᠬᠠᠬᠤ ᠮᠣᠩᠭᠣᠯ ᠤᠯᠤᠰ ᠤᠨ ᠰᠠᠨᠠᠯ ᠢ ᠬᠡᠯᠡᠭᠰᠡᠨ ᠨᠢ ᠳᠡᠮᠵᠢᠭᠳᠡᠵᠦ᠂ ᠴᠢᠭᠤᠯᠭᠠᠨ ᠤ ᠬᠤᠷᠠᠯᠳᠤᠭᠠᠨ ᠢᠶᠠᠷ ᠪᠠᠲᠤᠯᠠᠭᠳᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ