ᠳᠡᠯᠡᠬᠡᠢ ᠶᠢᠨ ᠡᠪᠦᠯ ᠦᠨ ᠰᠫᠤᠷᠲ ᠲᠤ ᠱ∙ᠳᠠᠸᠠᠳᠣᠷᠵᠢ ᠲᠦᠷᠦᠭᠦᠯᠡᠵᠡᠢ | News.MN

ᠳᠡᠯᠡᠬᠡᠢ ᠶᠢᠨ ᠡᠪᠦᠯ ᠦᠨ ᠰᠫᠤᠷᠲ ᠲᠤ ᠱ∙ᠳᠠᠸᠠᠳᠣᠷᠵᠢ ᠲᠦᠷᠦᠭᠦᠯᠡᠵᠡᠢ

ᠳᠡᠯᠡᠬᠡᠢ ᠶᠢᠨ ᠡᠪᠦᠯ ᠦᠨ ᠤᠰᠤᠨ ᠳᠤ ᠰᠡᠯᠢᠯᠲᠡ ᠶᠢᠨ ᠬᠣᠯᠪᠣᠭᠠᠨ ᠠᠴᠠ ᠡᠨᠡ ᠰᠠᠷ᠎ᠠ ᠶᠢᠨ 6-15 ᠤ ᠡᠳᠦᠷ ᠦᠳ ᠲᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠢᠨᠠᠨ ᠬᠤᠲᠠ ᠳᠤ ᠳᠡᠯᠡᠬᠡᠢ ᠶᠢᠨ ᠡᠪᠦᠯ ᠦᠨ ᠤᠰᠤᠨ ᠳᠤ ᠰᠡᠯᠢᠯᠲᠡ ᠶᠢᠨ ᠣᠯᠠᠨ ᠤᠯᠤᠰ ᠤᠨ ᠶᠡᠬᠡ ᠨᠠᠭᠠᠳᠤᠮ ᠢ ᠵᠣᠬᠢᠶᠠᠨ ᠪᠠᠶᠢᠭᠤᠯᠤᠯ᠎ᠠ᠃ ᠲᠤᠰ ᠲᠡᠮᠡᠴᠡᠭᠡᠨ ᠳᠦ ᠮᠣᠩᠭᠣᠯ ᠤᠯᠤᠰ ᠢᠶᠠᠨ ᠲᠥᠯᠥᠭᠡᠯᠡᠨ ᠣᠷᠣᠯᠴᠠᠭᠰᠠᠨ ᠰᠫᠣᠷᠲ ᠤᠨ ᠮᠠᠰᠲ᠋ᠸᠷ ᠱ∙ᠳᠠᠸᠠᠳᠣᠷᠵᠢ ᠭᠤᠷᠪᠠᠨ ᠠᠯᠲᠠ᠂ ᠳᠥᠷᠪᠡᠨ ᠮᠥᠩᠭᠥ᠂ ᠳᠥᠷᠪᠡᠨ ᠬᠦᠷᠡᠯ ᠮᠧᠳᠠᠯ ᠬᠦᠷᠲᠡᠵᠡᠢ᠃
ᠱ∙ᠳᠠᠸᠠᠳᠣᠷᠵᠢ ᠨᠢ ᠳᠡᠯᠡᠬᠡᠢ ᠶᠢᠨ ᠴᠣᠮᠣ ᠶᠢᠨ ᠠᠪᠤᠷᠭᠤ ᠶᠢᠨ ᠲᠡᠮᠡᠴᠡᠭᠡᠨ ᠦ ᠨᠡᠶᠢᠯᠡᠪᠦᠷᠢ ᠳ᠋ᠦᠩ ᠢᠶᠡᠷ 2016-2017 ᠣᠨ ᠤ ᠴᠤᠪᠤᠷᠠᠯ ᠲᠡᠮᠡᠴᠡᠭᠡᠨ ᠳᠦ ᠴᠢᠨᠰᠠᠭ᠎ᠠ ᠪᠠᠷ ᠢᠶᠠᠨ ᠳᠡᠯᠡᠬᠡᠢ ᠳᠦ ᠳᠥᠷᠪᠡᠳᠦᠭᠡᠷ ᠪᠠᠶᠢᠷᠢ᠂ 2017-2018 ᠣᠨ ᠤ ᠴᠤᠪᠤᠷᠠᠯ ᠳᠤ ᠳᠣᠯᠣᠳᠤᠭᠠᠷ ᠪᠠᠶᠢᠷᠢᠨ ᠳᠤ ᠰᠢᠯᠭᠠᠷᠠᠵᠤ᠂ ᠳᠡᠯᠡᠬᠡᠢ ᠶᠢᠨ ᠡᠪᠦᠯ ᠦᠨ ᠬᠦᠢᠲᠡᠨ ᠤᠰᠤᠨ ᠳᠤ ᠰᠡᠯᠢᠯᠲᠡ ᠶᠢᠨ ᠰᠫᠣᠷᠲ ᠤᠨ ᠲᠡᠦᠬᠡᠨ ᠳᠦ ᠪᠢᠴᠢᠭᠳᠡᠵᠡᠢ᠃ ᠲᠤᠰ ᠲᠡᠮᠡᠴᠡᠭᠡᠨ ᠳᠦ 26 ᠤᠯᠤᠰ ᠤᠨ 1200 ᠲᠠᠮᠢᠷᠴᠢᠨ ᠬᠤᠷᠳᠤ ᠬᠦᠴᠦ᠂ ᠠᠪᠬᠠᠯᠵᠢ ᠰᠠᠮᠪᠠᠭ᠎ᠠ ᠪᠠᠨ ᠰᠣᠷᠢᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ