ᠠᠯᠳᠠᠭ᠎ᠠ ᠲᠠᠢ ᠪᠣᠳᠣᠯᠭ᠎ᠠ᠂ ᠦᠢᠯᠡ ᠠᠵᠢᠯᠯᠠᠭ᠎ᠠ ᠶᠢ ᠵᠠᠰᠠᠵᠤ ᠠᠵᠢᠯᠯᠠᠨ᠎ᠠ | News.MN

ᠠᠯᠳᠠᠭ᠎ᠠ ᠲᠠᠢ ᠪᠣᠳᠣᠯᠭ᠎ᠠ᠂ ᠦᠢᠯᠡ ᠠᠵᠢᠯᠯᠠᠭ᠎ᠠ ᠶᠢ ᠵᠠᠰᠠᠵᠤ ᠠᠵᠢᠯᠯᠠᠨ᠎ᠠ

ᠬᠦᠨᠡᠰᠦ  ᠬᠦᠳᠡᠭᠡ ᠠᠵᠤ ᠠᠬᠤᠢ ᠬᠦᠩᠭᠡᠨ ᠦᠢᠯᠡᠳᠪᠤᠷᠢ  ᠶᠢᠨ ᠶᠠᠮᠤᠨ  ᠤ ᠰᠢᠨ᠎ᠡ  ᠰᠠᠶᠢᠳ ᠴ∙ᠤᠯᠠᠭᠠᠨ ᠶᠠᠮᠤᠨ ᠤ ᠪᠠᠨ ᠠᠯᠪᠠᠨ ᠬᠠᠭᠠᠭᠴᠢᠳ᠂ ᠬᠠᠷᠢᠶ᠎ᠠ ᠪᠠᠶᠢᠭᠤᠯᠤᠯᠭ᠎ᠠ ᠶᠢᠨ ᠤᠳᠤᠷᠢᠳᠤᠯᠭ᠎ᠠ ᠨᠠᠷ ᠢ ᠳᠠᠭᠤᠳᠠᠵᠤ ᠂ ᠨᠢᠭᠡᠳᠦᠭᠰᠡᠨ ᠰᠢᠭᠤᠷᠬᠠᠢ ᠬᠤᠷᠠᠯ ᠥᠨᠥᠳᠥᠷ  ᠬᠢᠪᠡ᠃  ᠲᠡᠷᠡ ᠪᠡᠷ᠄ ᠶᠠᠭᠤᠨ ᠤ ᠡᠮᠦᠨ᠎ᠡ᠂ ᠶᠠᠮᠤᠨ ᠤ ᠤᠳᠤᠷᠢᠳᠤᠯᠭ᠎ᠠ ᠶᠢᠨ ᠠᠯᠳᠠᠭ᠎ᠠ ᠲᠠᠢ ᠪᠣᠳᠣᠯᠭ᠎ᠠ᠂ ᠦᠢᠯᠡ ᠠᠵᠢᠯᠯᠠᠭ᠎ᠠ ᠶᠢ ᠵᠠᠰᠠᠵᠤ ᠂ ᠠᠯᠪᠠᠨ ᠲᠤᠰᠢᠶᠠᠯ ᠤᠨ ᠪᠠᠶᠢᠳᠠᠯ ᠢᠶᠠᠨ ᠤᠷᠪᠠᠭᠤᠯᠤᠨ ᠠᠰᠢᠭᠯᠠᠬᠤ᠂ ᠬᠠᠤᠯᠢ ᠪᠤᠰᠤ ᠦᠢᠯᠡ ᠠᠵᠢᠯᠯᠠᠭ᠎ᠠ ᠶᠢ ᠰᠠᠯᠪᠤᠷᠢ ᠶᠢᠨ ᠢᠶᠠᠨ ᠪᠦᠬᠦᠢ ᠯᠠ ᠲᠦᠪᠰᠢᠨ ᠳᠦ ᠲᠠᠰᠤᠯᠤᠨ ᠵᠣᠭᠰᠣᠭᠠᠬᠤ ᠳᠤ ᠣᠨᠴᠠᠭᠠᠢ ᠠᠩᠬᠠᠷᠴᠤ ᠠᠵᠢᠯᠯᠠᠬᠤ ᠍ ᠪᠠᠨ ᠣᠨᠴᠠᠯᠠᠯ᠎ᠠ᠃ ᠬᠦᠨᠡᠰᠦ᠂ ᠬᠦᠳᠡᠭᠡ ᠠᠵᠤ ᠠᠬᠤᠢ᠂ ᠬᠥᠩᠭᠡᠨ ᠦᠢᠯᠡᠳᠪᠦᠷᠢ ᠪᠣᠯ ᠨᠥᠬᠥᠨ ᠰᠡᠷᠭᠦᠭᠡᠭᠳᠡᠳᠡᠭ ᠮᠠᠲ᠋ᠧᠷᠢᠶᠠᠯᠯᠢᠭ ᠪᠠᠶᠠᠯᠢᠭ ᠤᠨ ᠦᠢᠯᠡᠳᠪᠦᠷᠢᠯᠡᠯ ᠡᠷᠬᠢᠯᠡᠳᠡᠭ᠂ ᠪᠦᠲᠦᠭᠡᠯᠴᠢ᠂ ᠲᠡᠦᠬᠡᠨ ᠤᠯᠠᠮᠵᠢᠯᠠᠯ ᠲᠠᠢ᠂ ᠥᠨᠳᠥᠷ ᠨᠡᠷ᠎ᠡ ᠬᠦᠨᠳᠦᠲᠡᠢ᠂ ᠤᠯᠤᠰ ᠤᠨ ᠲᠡᠷᠢᠭᠦᠯᠡᠬᠦ ᠰᠠᠯᠪᠤᠷᠢ᠃ ᠰᠠᠯᠪᠤᠷᠢ ᠶᠢᠨ ᠠᠯᠢᠪᠠ ᠪᠣᠳᠣᠯᠭ᠎ᠠ᠂ ᠰᠢᠢᠳᠪᠦᠷᠢ ᠨᠢ ᠬᠠᠤᠯᠢ ᠲᠣᠭᠲᠠᠭᠠᠮᠵᠢ ᠳᠤ ᠨᠡᠶᠢᠴᠡᠭᠰᠡᠨ᠂ ᠪᠣᠳᠠᠲᠤ ᠪᠠᠷᠢᠮᠲᠠ᠂ ᠰᠤᠳᠤᠯᠭ᠎ᠠ᠂ ᠨᠣᠲᠠᠯᠠᠭᠠᠨ ᠳᠤ ᠲᠤᠯᠭᠠᠭᠤᠷᠢᠯᠠᠭᠰᠠᠨ ᠪᠠᠶᠢᠬᠤ ᠶᠣᠰᠣᠲᠠᠢ᠃
ᠲᠥᠷᠥ ᠶᠢᠨ ᠠᠯᠪᠠᠨ ᠤ ᠰᠢᠨᠡᠴᠢᠯᠡᠭᠰᠡᠨ ᠬᠠᠤᠯᠢ ᠶᠢᠨ ᠳᠠᠭᠠᠤ ᠲᠥᠷᠥ ᠶᠢᠨ ᠠᠯᠪᠠ ᠶᠢ ᠪᠦᠷᠢᠳᠦᠭᠦᠯᠬᠦ᠂ ᠠᠵᠢᠯᠲᠠᠨ ᠨᠤᠭᠤᠳ ᠢ ᠰᠣᠩᠭᠣᠨ ᠰᠢᠯᠭᠠᠷᠠᠭᠤᠯᠬᠤ᠂ ᠲᠤᠮᠢᠯᠠᠬᠤ᠂ ᠦᠢᠯᠡ ᠠᠵᠢᠯᠯᠠᠭ᠎ᠠ ᠶᠢ ᠦᠨᠡᠯᠡᠵᠦ᠂  ᠳ᠋ᠦᠩᠨᠡᠬᠦ᠂ ᠤᠷᠮᠠᠰᠢᠭᠤᠯᠵᠤ ᠳᠡᠮᠵᠢᠬᠦ᠂ ᠬᠠᠷᠢᠭᠤᠴᠠᠯᠭ᠎ᠠ ᠲᠣᠭᠠᠴᠠᠬᠤ ᠵᠠᠷᠴᠢᠮ ᠢ ᠬᠠᠲᠠᠭᠤ ᠪᠠᠷᠢᠮᠲᠠᠯᠠᠵᠤ᠂ ᠵᠥᠪ ᠲᠦ ᠵᠥᠭᠡᠯᠡᠨ᠂ ᠪᠤᠷᠤᠭᠤ ᠳᠤ ᠬᠠᠲᠠᠭᠤ ᠪᠠᠶᠢᠬᠤ ᠶᠢ ᠬᠢᠴᠢᠶᠡᠨ ᠠᠵᠢᠯᠯᠠᠨ᠎ᠠ ᠭᠡᠳᠡᠭ ᠢᠶᠡᠨ ᠢᠯᠡᠷᠬᠡᠶᠢᠯᠡᠪᠡ᠃  ᠲᠤᠬᠠᠢ ᠶᠢᠨ ᠶᠠᠮᠤᠨ ᠨᠢ ᠣᠳᠣ ᠪᠠᠷ ︽ᠪᠡᠯᠴᠢᠭᠡᠷ ᠦᠨ ᠲᠤᠬᠠᠢ︾ ᠪᠣᠯᠤᠨ ︽ᠲᠠᠷᠢᠮᠠᠯ ᠤᠷᠭᠤᠮᠠᠯ ᠤᠨ ᠦᠷ᠎ᠡ ᠰᠣᠷᠲ ᠤᠨ ᠲᠤᠬᠠᠢ︾ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ᠂ ᠵᠢᠵᠢᠭ ᠳᠤᠮᠳᠠ ᠦᠢᠯᠡᠳᠪᠦᠷᠢ᠂ ᠬᠣᠷᠰᠢᠶ᠎ᠠ᠂ ᠠᠬᠤᠢ ᠦᠢᠯᠡᠴᠢᠯᠡᠭᠡ ᠵᠡᠷᠭᠡ ᠰᠠᠯᠪᠤᠷᠢ ᠶᠢᠨ ᠦᠨᠳᠦᠰᠦᠨ ᠦ ᠬᠥᠲᠥᠯᠪᠦᠷᠢ ᠶᠢ ᠪᠠᠲᠤᠯᠠᠭᠤᠯᠬᠤ᠂ ᠵᠠᠷᠢᠮ ᠪᠣᠳᠣᠯᠭ᠎ᠠ ᠶᠢᠨ ᠪᠠᠷᠢᠮᠲᠠ ᠪᠢᠴᠢᠭ ᠦᠨ ᠬᠡᠷᠡᠭᠵᠢᠯᠲᠡ ᠶᠢ ᠡᠷᠴᠢᠮᠵᠢᠭᠦᠯᠬᠦ ᠱᠠᠭᠠᠷᠳᠠᠯᠭ᠎ᠠ ᠲᠠᠢ ᠪᠠᠶᠢᠭ᠎ᠠ  ᠶᠤᠮ ᠪᠠᠶᠢᠨ᠎ᠠ ᠃

ᠰᠡᠳᠬᠢᠭᠳᠡᠯ ᠦᠯᠡᠳᠡᠭᠡᠬᠦ