ᠮᠣᠩᠭᠣᠯ᠂ ᠴᠢᠯᠢ ᠶᠢᠨ ᠠᠩᠬᠠᠳᠤᠭᠠᠷ ᠵᠥᠪᠯᠡᠯᠳᠦᠬᠦ ᠠᠭᠤᠯᠵᠠᠯᠲᠠ ᠪᠣᠯᠤᠯ᠎ᠠ | News.MN

ᠮᠣᠩᠭᠣᠯ᠂ ᠴᠢᠯᠢ ᠶᠢᠨ ᠠᠩᠬᠠᠳᠤᠭᠠᠷ ᠵᠥᠪᠯᠡᠯᠳᠦᠬᠦ ᠠᠭᠤᠯᠵᠠᠯᠲᠠ ᠪᠣᠯᠤᠯ᠎ᠠ

ᠮᠣᠩᠭᠣᠯ᠂ ᠴᠢᠯᠢ ᠶᠢᠨ ᠭᠠᠳᠠᠭᠠᠳᠤ ᠬᠡᠷᠡᠭ ᠦᠨ ᠶᠠᠮᠤᠨ ᠬᠣᠭᠣᠷᠣᠨᠳᠣ ᠶᠢᠨ ᠠᠩᠬᠠᠳᠤᠭᠠᠷ ᠵᠥᠪᠯᠡᠯᠳᠦᠬᠦ ᠠᠭᠤᠯᠵᠠᠯᠲᠠ ᠡᠨᠡ ᠰᠠᠷ᠎ᠠ ᠶᠢᠨ 16 ᠳᠦ ᠰᠠᠨᠲ᠋ᠢᠶᠠᠭᠤ᠋  ᠬᠤᠲᠠ ᠳᠤ ᠪᠣᠯᠤᠯ᠎ᠠ᠃ ᠠᠭᠤᠯᠵᠠᠯᠲᠠ ᠶᠢᠨ ᠡᠮᠦᠨ᠎ᠡ ᠴᠢᠯᠢ ᠶᠢᠨ ᠭᠠᠳᠠᠭᠠᠳᠤ ᠬᠡᠷᠡᠭ ᠦᠨ ᠳᠡᠳ᠋ ᠰᠠᠶᠢᠳ ᠬᠠᠲᠤᠭᠲᠠᠢ ᠺᠠᠷᠣᠯᠢᠨ᠎ᠠ ᠸᠠᠯᠢᠳᠢᠸᠢᠶᠠ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ ᠢ ᠬᠦᠯᠢᠶᠡᠨ ᠠᠪᠴᠤ ᠠᠭᠤᠯᠵᠠᠪᠠ᠃ ᠲᠠᠯ᠎ᠠ ᠨᠤᠭᠤᠳ ᠬᠣᠶᠠᠷ ᠣᠷᠣᠨ ᠤ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠶᠢᠨ ᠲᠥᠯᠥᠭᠡ ᠪᠠᠶᠢᠭ᠎ᠠ ᠪᠠᠨ ᠨᠣᠲᠠᠯᠠᠵᠤ᠂ ᠪᠦᠬᠦᠢ ᠯᠠ ᠪᠣᠯᠤᠮᠵᠢ ᠶᠢ ᠡᠷᠢᠯᠬᠢᠯᠡᠵᠦ ᠠᠵᠢᠯᠯᠠᠬᠤ ᠪᠠᠷ ᠪᠣᠯᠤᠯ᠎ᠠ᠃
ᠳᠡᠳ᠋ ᠰᠠᠶᠢᠳ᠂ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨᠠᠷ ᠮᠣᠩᠭᠣᠯ ᠴᠢᠯᠢ ᠶᠢᠨ ᠭᠠᠳᠠᠭᠠᠳᠤ ᠬᠡᠷᠡᠭ ᠦᠨ  ᠶᠠᠮᠤᠨ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠲᠤᠬᠠᠢ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠭᠰᠠᠨ ᠪᠥᠭᠡᠳ ᠢᠩᠭᠢᠭᠰᠡᠨ ᠢᠶᠡᠷ ᠬᠣᠶᠠᠷ ᠲᠠᠯ᠎ᠠ ᠴᠢᠨᠠᠭᠰᠢᠳᠠ ᠤᠯᠤᠰ ᠲᠥᠷᠥ ᠶᠢᠨ ᠬᠦᠷᠢᠶᠡᠨ ᠳᠦ ᠵᠥᠪᠯᠡᠯᠳᠦᠬᠦ ᠮᠧᠬᠠᠨᠢᠰᠮ ᠲᠠᠢ ᠪᠣᠯᠵᠤ ᠪᠠᠶᠢᠭ᠎ᠠ ᠶᠤᠮ᠃ ᠬᠤᠶᠠᠷ ᠲᠠᠯ᠎ᠠ ᠠᠭᠤᠯᠠ ᠠᠭᠤᠷᠬᠠᠢ ᠶᠢᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠲᠤᠬᠠᠶᠢᠯᠠᠪᠠᠯ᠂ ᠬᠣᠶᠠᠷ ᠤᠯᠤᠰ ᠤᠨ ᠠᠭᠤᠯᠠ ᠠᠭᠤᠷᠬᠠᠢ ᠶᠢᠨ ᠶᠠᠮᠤᠨ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠢ ᠣᠶᠢᠷ᠎ᠠ ᠶᠢᠨ ᠦᠶ᠎ᠡ ᠳᠦ ᠪᠠᠶᠢᠭᠤᠯᠬᠤ᠂ ᠴᠢᠯᠢ ᠶᠢᠨ ᠲᠠᠯ᠎ᠠ ᠮᠡᠷᠭᠡᠵᠢᠯᠲᠡᠨ ᠰᠤᠷᠭᠠᠬᠤ᠂ ᠠᠭᠤᠯᠠ ᠠᠭᠤᠷᠬᠠᠢ ᠳᠤ ᠲᠦᠰᠢᠭᠯᠡᠨ ᠡᠳ᠋ ᠦᠨ ᠵᠠᠰᠠᠭ ᠢᠶᠠᠨ ᠲᠥᠷᠦᠯᠵᠢᠭᠦᠯᠦᠭᠰᠡᠨ ᠲᠤᠬᠠᠢ ᠪᠣᠯᠤᠨ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠵᠤ ᠢᠷᠡᠭᠰᠡᠨ ᠲᠤᠷᠰᠢᠯᠭ᠎ᠠ ᠠᠴᠠ ᠪᠠᠨ ᠬᠤᠪᠢᠶᠠᠯᠴᠠᠬᠤ᠂ ᠬᠣᠶᠠᠷ ᠲᠠᠯ᠎ᠠ ᠶᠢᠨ ᠪᠢᠽᠢᠨᠧᠰ ᠡᠷᠬᠢᠯᠡᠭᠴᠢᠳ ᠦᠨ ᠬᠠᠷᠢᠯᠴᠠᠭ᠎ᠠ ᠬᠣᠯᠪᠣᠭ᠎ᠠ ᠶᠢ ᠨᠡᠮᠡᠭᠳᠡᠭᠦᠯᠬᠦ᠂ ᠤᠯᠠᠮ ᠢᠶᠠᠷ ᠪᠢᠽᠢᠨᠧᠰ ᠹᠣᠷᠣᠮ ᠵᠣᠬᠢᠶᠠᠨ ᠪᠠᠶᠢᠭᠤᠯᠬᠤ ᠵᠡᠷᠭᠡ ᠪᠡᠷ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ