ᠨᠡᠶᠢᠰᠯᠡᠯ ᠦᠨ ᠵᠠᠰᠠᠭ ᠳᠠᠷᠤᠭ᠎ᠠ ᠶᠢᠨ ᠵᠠᠬᠢᠷᠤᠮᠵᠢ ᠪᠣᠯᠤᠨ ᠬᠣᠯᠪᠣᠭᠳᠠᠬᠤ ᠬᠠᠤᠯᠢ ᠲᠣᠭᠲᠠᠭᠠᠮᠵᠢ ᠶᠢᠨ ᠳᠠᠭᠠᠤ ᠨᠡᠶᠢᠰᠯᠡᠯ ᠳᠦ ᠴᠡᠷᠢᠭ ᠦᠨ ᠪᠦᠷᠢᠳᠬᠡᠯ ᠡᠨᠡ ᠰᠠᠷ᠎ᠠ ᠶᠢᠨ 4 – 21 ᠍ ᠦ ᠡᠳᠦᠷ ᠦᠳ ᠲᠦ ᠦᠷᠭᠦᠯᠵᠢᠯᠡᠵᠦ ᠪᠠᠶᠢᠨ᠎ᠠ᠃ ᠴᠡᠷᠢᠭ ᠦᠨ ᠪᠦᠷᠢᠳᠬᠡᠯ ᠳᠦ 65 ᠨᠠᠰᠤ ᠬᠦᠷᠲᠡᠯᠡᠬᠢ ᠨᠠᠰᠤᠨ ᠤ ᠪᠡᠯᠡᠳᠬᠡᠯ ᠣᠹᠢᠼᠧᠷ ᠤᠳ᠂ 18-50 ᠨᠠᠰᠤᠨ ᠤ ᠴᠡᠷᠢᠭ ᠦᠨ ᠡᠭᠦᠷᠭᠡᠲᠡᠨ᠂ 50 ᠨᠠᠰᠤ ᠬᠦᠷᠲᠡᠯᠡᠬᠢ ᠴᠡᠷᠢᠭ ᠲᠦ ᠪᠦᠷᠢᠳᠬᠡᠯ ᠲᠡᠢ ᠮᠡᠷᠭᠡᠵᠢᠯ ᠪᠦᠬᠦᠢ ᠡᠮᠡᠭᠲᠡᠶᠢᠴᠦᠳ ᠬᠠᠮᠤᠷᠤᠭᠳᠠᠳᠠᠭ᠃
ᠥᠨᠥᠳᠥᠷ ᠦᠨ ᠪᠠᠶᠢᠳᠠᠯ ᠢᠶᠠᠷ ᠴᠡᠷᠢᠭ ᠦᠨ ᠪᠦᠷᠢᠳᠬᠡᠯ ᠳᠦ ᠪᠥᠷᠢᠳᠬᠡᠭᠦᠯᠬᠦ ᠶᠣᠰᠣᠲᠠᠢ ᠨᠡᠶᠢᠲᠡ ᠢᠷᠭᠡᠳ ᠦᠨ 71.2 ᠬᠤᠪᠢ ᠨᠢ ᠬᠠᠮᠤᠷᠤᠭᠳᠠᠭᠠᠳ ᠪᠠᠶᠢᠭ᠎ᠠ ᠪᠥᠭᠡᠳ ᠪᠦᠷᠢᠳᠬᠡᠯ ᠳᠠᠭᠤᠰᠬᠤ ᠳᠤ ᠭᠤᠷᠪᠠ ᠬᠣᠨᠣᠭ ᠦᠯᠡᠳᠡᠭᠰᠡᠨ ᠪᠠᠶᠢᠨ᠎ᠠ᠃ ᠡᠶᠢᠮᠦ ᠳᠦ ᠬᠣᠯᠪᠣᠭᠳᠠᠬᠤ ᠪᠠᠶᠢᠭᠤᠯᠤᠯᠭ᠎ᠠ ᠠᠴᠠ ᠢᠳᠡᠪᠬᠢᠲᠡᠢ ᠬᠠᠮᠤᠷᠤᠭᠳᠠᠬᠤ ᠶᠢ ᠤᠷᠢᠶᠠᠯᠠᠯ᠎ᠠ᠃ ᠮᠥᠨ ᠴᠡᠷᠢᠭ ᠦᠨ ᠪᠦᠷᠢᠳᠬᠡᠯ ᠳᠦ ᠪᠦᠷᠢᠳᠬᠡᠭᠦᠯᠵᠦ ᠪᠠᠶᠢᠭ᠎ᠠ ᠦᠭᠡᠢ᠂ ᠵᠢᠯ ᠥᠨᠵᠢᠭᠰᠡᠨ ᠬᠦᠮᠦᠰ ᠶᠠᠮᠠᠷ ᠨᠢᠭᠡᠨ ᠲᠣᠷᠭᠠᠭᠤᠯᠢ ᠲᠥᠯᠦᠪᠦᠷᠢ ᠦᠭᠡᠢ ᠪᠦᠷᠢᠳᠬᠡᠭᠦᠯᠵᠦ ᠪᠠᠶᠢᠭ᠎ᠠ ᠠᠵᠠᠢ ᠃