ᠬᠣᠪᠳᠣ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠡᠨᠡ ᠰᠠᠷ᠎ᠠ ᠶᠢᠨ 10 ᠤ ᠡᠳᠦᠷ ᠦᠨ 02 ᠳ᠋ᠤᠭᠠᠷ ᠲᠣᠭᠲᠠᠭᠠᠯ ᠢᠶᠠᠷ ᠵᠢᠭᠠᠰᠤ ᠪᠣᠯᠤᠨ ᠵᠠᠭᠠᠷᠲᠤ ᠬᠠᠷᠬ᠎ᠠ ᠪᠠᠷᠢᠬᠤ᠂ ᠠᠩᠨᠠᠬᠤ ᠬᠡᠮᠵᠢᠶ᠎ᠡ᠂ ᠬᠤᠪᠢᠶᠠᠷᠢ ᠶᠢ ᠪᠠᠲᠤᠯᠠᠵᠤ᠂ ᠮᠡᠷᠭᠡᠵᠢᠯ ᠦᠨ ᠪᠠᠶᠢᠭᠤᠯᠤᠯᠭ᠎ᠠ᠂ ᠰᠤᠮᠤᠳ ᠤᠨ ᠤᠳᠤᠷᠢᠳᠤᠯᠭ᠎ᠠ ᠨᠤᠭᠤᠳ ᠲᠤ ᠬᠣᠯᠪᠣᠭᠳᠠᠬᠤ ᠬᠠᠤᠯᠢ ᠲᠣᠭᠲᠠᠭᠠᠮᠵᠢ ᠶᠢᠨ ᠳᠠᠭᠠᠤ ᠬᠢᠨᠠᠯᠲᠠ ᠲᠠᠯᠪᠢᠵᠤ ᠠᠵᠢᠯᠯᠠᠬᠤ ᠶᠢ ᠳᠠᠭᠠᠭᠠᠯᠭᠠᠭᠰᠠᠨ ᠪᠠᠶᠢᠨ᠎ᠠ᠃
ᠠᠮᠢᠲᠠᠳ ᠤᠨ ᠲᠣᠭ᠎ᠠ ᠲᠣᠯᠣᠭᠠᠢ ᠶᠢ ᠰᠡᠶᠢᠷᠡᠭᠦᠯᠵᠦ᠂ ᠰᠦᠷᠦᠭ ᠦᠨ ᠪᠦᠲᠦᠴᠡ ᠶᠢ ᠵᠣᠬᠢᠴᠠᠭᠤᠯᠬᠤ ᠵᠣᠷᠢᠯᠭ᠎ᠠ ᠪᠠᠷ ᠬᠠᠷ᠎ᠠ ᠤᠰᠤ ᠨᠠᠭᠤᠷ ᠣᠷᠴᠢᠮ ᠳᠤ ᠮᠢᠩᠭᠠᠳ᠂ ᠳᠥᠷᠦᠭᠡᠨ᠂ ᠴᠢᠨᠳᠠᠮᠤᠨᠢ ᠰᠤᠮᠤ ᠶᠢᠨ ᠢᠷᠭᠡᠳ 10 ᠮᠢᠩᠭᠠᠨ ᠵᠢᠭᠠᠰᠤ᠂ 30 ᠮᠢᠩᠭᠠᠨ ᠵᠠᠭᠠᠷᠲᠤ ᠬᠠᠷᠬ᠎ᠠ ᠠᠩᠨᠠᠬᠤ ᠶᠢ ᠨᠢᠭᠡᠳᠦᠭᠡᠷ ᠰᠠᠷ᠎ᠠ ᠶᠢᠨ 10 ᠤ ᠡᠳᠦᠷ ᠡᠴᠡ ᠭᠤᠷᠪᠠᠳᠤᠭᠠᠷ ᠰᠠᠷ᠎ᠠ ᠶᠢᠨ 20 ᠤ ᠡᠳᠦᠷ ᠬᠦᠷᠲᠡᠯᠡᠬᠢ ᠬᠤᠭᠤᠴᠠᠭᠠᠨ ᠳᠤ ᠵᠥᠪᠰᠢᠶᠡᠷᠡᠴᠡᠢ᠃ ᠥᠩᠭᠡᠷᠡᠭᠰᠡᠨ ᠣᠨ ᠳᠤ ᠬᠢᠭᠰᠡᠨ ᠰᠤᠳᠤᠯᠭ᠎ᠠ ᠪᠠᠷ ᠬᠠᠷ᠎ᠠ ᠤᠰᠤ ᠨᠠᠭᠤᠷ ᠨᠢ 4 ᠵᠦᠢᠯ ᠦᠨ 390 ᠲᠣᠨ ᠵᠢᠭᠠᠰᠤᠨ ᠤ ᠨᠥᠭᠡᠴᠡ ᠲᠡᠢ᠂ ᠡᠭᠦᠨ ᠡᠴᠡ ᠵᠢᠯ ᠳᠦ 40-60 ᠲᠣᠨ ᠢ ᠠᠰᠢᠭᠯᠠᠬᠤ ᠪᠣᠯᠤᠮᠵᠢ ᠲᠠᠢ ᠭᠡᠰᠡᠨ ᠳ᠋ᠦᠩᠨᠡᠯᠲᠡ ᠭᠠᠷᠭᠠᠭᠰᠠᠨ ᠪᠠᠶᠢᠳᠠᠭ᠃ ᠲᠡᠭᠡᠪᠡᠯ ᠵᠢᠭᠠᠷᠲᠤ ᠬᠠᠷᠬ᠎ᠠ ᠶᠢ 1967 ᠣᠨ ᠳᠤ ᠬᠠᠷ᠎ᠠ ᠤᠰᠤ ᠨᠠᠭᠤᠷ ᠲᠤ ᠨᠤᠲᠤᠭᠰᠢᠭᠤᠯᠤᠭᠰᠠᠨ ᠪᠥᠭᠡᠳ ᠦᠰᠴᠦ ᠦᠷᠡᠵᠢᠨ ᠲᠤᠬᠠᠢ ᠶᠢᠨ ᠤᠷᠴᠢᠨ ᠳᠤ ᠪᠠᠨ ᠪᠠᠭ᠎ᠠ ᠦᠭᠡᠢ ᠬᠣᠣᠷ ᠬᠥᠨᠥᠭᠡᠯ ᠤᠴᠠᠷᠠᠭᠤᠯᠵᠤ᠂ ᠡᠺᠣᠰᠢᠰᠲ᠋ᠧᠮ ᠦᠨ ᠲᠡᠩᠴᠡᠪᠦᠷᠢᠲᠦ ᠪᠠᠶᠢᠳᠠᠯ ᠢ ᠠᠯᠳᠠᠭᠳᠠᠭᠤᠯᠳᠠᠭ ᠭᠡᠵᠦ ᠨᠤᠲᠤᠭ ᠤᠨ ᠢᠷᠭᠡᠳ ᠬᠡᠯᠡᠯ᠎ᠡ᠃ ᠵᠠᠭᠠᠷᠲᠤ ᠬᠠᠷᠬ᠎ᠠ ᠨᠢ ᠨᠢᠭᠡ ᠤᠳᠠᠭ᠎ᠠ ᠶᠢᠨ ᠲᠥᠷᠥᠯᠲᠡ ᠪᠡᠷ 6-10 ᠵᠤᠯᠵᠠᠭ᠎ᠠ ᠭᠠᠷᠭᠠᠨ᠎ᠠ᠃ ᠥᠩ ᠲᠡᠢ ᠵᠢᠯ 3-4 ᠤᠳᠠᠭ᠎ᠠ ᠵᠤᠯᠵᠠᠭᠠᠯᠠᠬᠤ ᠴᠤ ᠪᠤᠢ᠃ ᠬᠠᠪᠤᠷ ᠲᠦᠷᠦᠭᠰᠡᠨ ᠵᠤᠯᠵᠠᠭ᠎ᠠ ᠨᠠᠮᠤᠷ ᠨᠢ ᠦᠷᠡᠵᠢᠯ ᠳᠦ ᠣᠷᠣᠳᠠᠭ ᠪᠠᠶᠢᠨ᠎ᠠ᠃