ᠮ∙ᠡᠩᠬᠡᠪᠣᠯᠤᠳ ᠢ ᠴᠢᠯᠦᠭᠡᠯᠡᠬᠦ ᠭᠠᠷ ᠤᠨ ᠦᠰᠦᠭ ᠴᠤᠭᠯᠠᠭᠤᠯᠵᠤ ᠪᠠᠶᠢᠨ᠎ᠠ | News.MN

ᠮ∙ᠡᠩᠬᠡᠪᠣᠯᠤᠳ ᠢ ᠴᠢᠯᠦᠭᠡᠯᠡᠬᠦ ᠭᠠᠷ ᠤᠨ ᠦᠰᠦᠭ ᠴᠤᠭᠯᠠᠭᠤᠯᠵᠤ ᠪᠠᠶᠢᠨ᠎ᠠ

ᠫᠠᠷᠯᠠᠮᠧᠨᠲ ᠳᠠᠬᠢ ᠭᠡᠰᠢᠭᠦᠳ ᠦᠨ ᠳᠡᠶᠢᠯᠦᠩᠬᠢ ᠣᠯᠠᠩᠬᠢ ᠰᠠᠨᠠᠯ ᠭᠠᠷᠭᠠᠭᠰᠠᠨ ᠲᠣᠬᠢᠶᠠᠯᠳᠤᠯ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠠᠯᠪᠠᠨ ᠡᠭᠦᠷᠭᠡ ᠡᠴᠡ ᠨᠢ ᠴᠢᠯᠦᠭᠡᠯᠡᠳᠡᠭ ᠪᠠᠶᠢᠬᠤ ᠠᠭᠤᠯᠭ᠎ᠠ ᠪᠦᠬᠦᠢ ᠬᠠᠤᠯᠢ ᠶᠢᠨ ᠲᠥᠰᠥᠯ   ᠢ ᠶᠡᠷᠦᠩᠬᠡᠶᠢᠯᠡᠭᠴᠢ ᠬ∙ᠪᠠᠲᠤᠲᠤᠯᠭ᠎ᠠ ᠥᠷᠭᠡᠨ ᠮᠡᠳᠡᠭᠦᠯᠦᠭᠡᠳ ᠂ ᠥᠴᠥᠭᠡᠳᠦᠷ ᠬᠠᠤᠯᠢ ᠶᠢᠨ ᠲᠥᠰᠥᠯ ᠦᠨ ᠡᠴᠦᠰ ᠦᠨ ᠬᠡᠯᠡᠯᠴᠡᠭᠦᠯᠭᠡ ᠶᠢ ᠪᠠᠶᠢᠩᠭᠤ ᠶᠢᠨ ᠬᠣᠷᠢᠶ᠎ᠠ ᠪᠠᠷ ᠬᠡᠯᠡᠯᠴᠡᠬᠦ ᠦᠶ᠎ᠡ ᠪᠡᠷ ᠡᠨᠡ ᠰᠠᠷ᠎ᠠ ᠶᠢᠨ 25  ᠤ ᠡᠳᠦᠷ ᠡᠴᠡ ᠡᠬᠢᠯᠡᠨ ᠬᠡᠷᠡᠭᠵᠢᠭᠦᠯᠬᠦ ᠭᠣᠷᠢᠮ ᠤᠨ ᠰᠠᠨᠠᠯ ᠳᠡᠮᠵᠢᠭᠳᠡᠭᠰᠡᠨ᠃ ᠡᠨᠡ ᠳᠠᠭᠠᠤ ᠥᠨᠥᠳᠥᠷ ᠬᠠᠤᠯᠢ ᠶᠢᠨ ᠲᠥᠰᠥᠯ ᠢ ᠡᠴᠦᠰᠯᠡᠨ ᠪᠠᠲᠤᠯᠠᠵᠤ᠂ ᠠᠯᠪᠠᠨ ᠶᠣᠰᠣᠭᠠᠷ ᠪᠠᠲᠤᠯᠠᠮᠵᠢᠯᠠᠭᠰᠠᠨ ᠢᠶᠠᠷ ᠢᠷᠡᠬᠦ ᠳᠣᠯᠣᠭ᠎ᠠ ᠬᠣᠨᠣᠭ ᠤᠨ ᠪᠠᠰᠠᠩ ᠭᠠᠷᠠᠭ ᠲᠤ ᠬᠡᠷᠡᠭᠵᠢᠵᠦ ᠡᠬᠢᠯᠡᠬᠦ ᠪᠡᠷ ᠪᠠᠶᠢᠭ᠎ᠠ ᠶᠤᠮ᠃ ᠤᠭ ᠬᠠᠤᠯᠢ ᠠᠯᠪᠠᠨ ᠶᠣᠰᠣᠭᠠᠷ ᠬᠡᠷᠡᠭᠵᠢᠵᠦ ᠡᠬᠢᠯᠡᠭᠰᠡᠨ ᠢᠶᠡᠷ ᠫᠠᠷᠯᠠᠮᠧᠨᠲ ᠳᠠᠬᠢ ᠭᠡᠰᠢᠭᠦᠳ ᠦᠨ ᠳᠡᠶᠢᠯᠦᠩᠬᠢ ᠣᠯᠠᠩᠬᠢ ᠭᠠᠷ ᠤᠨ ᠦᠰᠦᠭ ᠢᠶᠡᠨ ᠵᠢᠷᠤᠵᠤ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠠᠯᠪᠠᠨ ᠡᠭᠦᠷᠭᠡ ᠡᠴᠡ ᠨᠢ ᠴᠢᠯᠦᠭᠡᠯᠡᠬᠦ  ᠬᠦᠰᠡᠯᠲᠡ ᠪᠡᠨ ᠡᠷᠭᠦᠨ ᠮᠡᠳᠡᠭᠦᠯᠬᠦ ᠪᠣᠯᠤᠮᠵᠢ ᠪᠥᠷᠢᠳᠬᠦ ᠶᠤᠮ᠃
ᠬᠦᠰᠡᠯᠲᠡ ᠶᠢ ᠤᠯᠤᠰ ᠤᠨ ᠶᠡᠬᠡ ᠬᠤᠷᠠᠯ ᠡᠩ ᠦᠨ ᠵᠢᠷᠤᠮ ᠢᠶᠠᠷ ᠬᠡᠯᠡᠯᠴᠡᠨ ᠪᠠᠲᠤᠯᠠᠨ᠎ᠠ᠃ ᠢᠩᠭᠢᠬᠦ ᠳᠦ ᠪᠡᠨ ᠰᠠᠨᠠᠯ ᠢ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠪᠠᠷ ᠬᠡᠯᠡᠯᠴᠡᠵᠦ᠂ ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ ᠡᠴᠦᠰᠯᠡᠨ ᠪᠠᠲᠤᠯᠠᠬᠤ ᠫᠷᠣᠼᠧᠰᠰ ᠶᠠᠪᠤᠭᠳᠠᠬᠤ ᠪᠢᠯᠡ᠃ ᠡᠬᠢ ᠰᠤᠷᠪᠤᠯᠵᠢ ᠶᠢᠨ ᠮᠡᠳᠡᠭᠡᠯᠡᠵᠦ ᠪᠤᠢ ᠪᠠᠷ᠂ ᠤᠯᠤᠰ ᠤᠨ ᠶᠡᠬᠡ ᠬᠤᠷᠠᠯ ᠶᠢᠨ ᠭᠡᠰᠢᠭᠦᠨ ᠯ∙ᠣᠶᠤᠨ-ᠡᠷᠳᠡᠨᠢ ᠥᠪᠡᠷ ᠦᠨ ᠠᠯᠪᠠᠨ ᠲᠤᠭᠠᠲᠤ ᠳᠡᠭᠡᠷ᠎ᠡ ᠪᠡᠨ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠠᠯᠪᠠᠨ ᠡᠭᠦᠷᠭᠡ ᠡᠴᠡ ᠨᠢ ᠴᠢᠯᠦᠭᠡᠯᠡᠬᠦ ᠠᠰᠠᠭᠤᠳᠠᠯ ᠢᠶᠠᠷ ᠭᠠᠷ ᠤᠨ ᠦᠰᠦᠭ ᠴᠤᠭᠯᠠᠭᠤᠯᠵᠤ ᠡᠬᠢᠯᠡᠭᠰᠡᠨ ᠪᠠᠶᠢᠨ᠎ᠠ᠃ ᠭᠠᠷ ᠤᠨ ᠦᠰᠦᠭ ᠢ ᠥᠴᠥᠭᠡᠳᠦᠷ ᠡᠴᠡ ᠡᠬᠢᠯᠡᠨ ᠵᠢᠷᠤᠭᠤᠯᠤᠭᠰᠠᠨ ᠪᠥᠭᠡᠳ ᠫᠠᠷᠯᠠᠮᠧᠨᠲ ᠳᠠᠬᠢ ᠤ᠊∙ ᠬᠦᠷᠡᠯᠰᠦ᠋ᠬᠡ  ᠶᠢᠨ ᠲᠠᠯ᠎ᠠ ᠶᠢᠨ ᠬᠢᠨ ᠤᠭ ᠠᠰᠠᠭᠤᠳᠠᠯ ᠳᠡᠭᠡᠷ᠎ᠡ ᠨᠢᠭᠡᠳᠦᠮᠡᠯ ᠪᠠᠶᠢᠳᠠᠯ ᠲᠠᠢ ᠪᠠᠶᠢᠭ᠎ᠠ ᠠᠵᠠᠢ ᠃ ᠰᠠᠷ᠎ᠠ ᠰᠢᠨ᠎ᠡ ᠶᠢᠨ ᠪᠠᠶᠠᠷ ᠳᠥᠬᠥᠵᠦ ᠪᠤᠢ ᠲᠠᠢ ᠬᠣᠯᠪᠣᠭᠳᠠᠭᠤᠯᠤᠨ᠂ ᠭᠡᠰᠢᠭᠦᠳ ᠣᠶᠢᠷ᠎ᠠ ᠶᠢᠨ ᠡᠳᠦᠷ ᠦᠳ ᠲᠦ ᠲᠣᠭᠣᠷᠢᠭ ᠲᠤ ᠪᠠᠨ ᠠᠵᠢᠯᠯᠠᠬᠤ ᠲᠤᠯᠠ ᠭᠠᠷ ᠤᠨ ᠦᠰᠦᠭ ᠴᠤᠭᠯᠠᠭᠤᠯᠬᠤ ᠠᠵᠢᠯ ᠢ ᠡᠶᠢᠨ ᠬᠦ ᠡᠷᠲᠡ ᠡᠬᠢᠯᠡᠭᠦᠯᠦᠭᠰᠡᠨ ᠪᠣᠯᠤᠯᠲᠠᠢ᠃ ᠤᠯᠠᠮ ᠢᠶᠠᠷ ᠢᠷᠡᠬᠦ ᠪᠠᠰᠠᠩ ᠭᠠᠷᠠᠭ ᠲᠤ ᠰᠠᠨᠠᠯ ᠢᠶᠠᠨ ᠡᠷᠭᠦᠨ ᠮᠡᠳᠡᠭᠦᠯᠵᠦ᠂ ᠨᠠᠮᠤᠷ ᠤᠨ ᠴᠢᠭᠤᠯᠭᠠᠨ ᠵᠠᠪᠰᠠᠷᠯᠠᠬᠤ ᠠᠴᠠ ᠡᠮᠦᠨ᠎ᠡ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠢ ᠠᠯᠪᠠᠨ ᠲᠤᠰᠢᠶᠠᠯ ᠠᠴᠠ ᠨᠢ ᠴᠢᠯᠦᠭᠡᠯᠡᠬᠦ ᠴᠢᠭ ᠲᠡᠢ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ