︽ᠪᠠᠩᠬᠢᠨ ᠤ ᠬᠥᠭᠵᠢᠯ -95 ᠵᠢᠯ︾ ᠠᠶᠠᠨ ᠡᠬᠢᠯᠡᠯ᠎ᠡ | News.MN

︽ᠪᠠᠩᠬᠢᠨ ᠤ ᠬᠥᠭᠵᠢᠯ -95 ᠵᠢᠯ︾ ᠠᠶᠠᠨ ᠡᠬᠢᠯᠡᠯ᠎ᠡ

ᠮᠣᠩᠭᠣᠯ ᠤᠯᠤᠰ ᠲᠤ ᠪᠠᠩᠬᠢᠨ ᠤ ᠰᠠᠯᠪᠤᠷᠢ ᠡᠭᠦᠰᠴᠦ ᠬᠥᠭᠵᠢᠭᠰᠡᠨ ᠦ 95 ᠵᠢᠯ ᠦᠨ ᠣᠢ ᠡᠨᠡ ᠣᠨ ᠳᠤ ᠲᠣᠬᠢᠶᠠᠵᠤ ᠪᠠᠶᠢᠨ᠎ᠠ᠃ ᠵᠢᠷᠭᠤᠳᠤᠭᠠᠷ ᠰᠠᠷ᠎ᠠ ᠶᠢᠨ 2 ᠍ ᠤ ᠡᠳᠦᠷ ᠲᠡᠮᠳᠡᠭᠯᠡᠬᠦ ᠲᠤᠰ ᠣᠢ ᠶᠢ ᠤᠭᠲᠤᠵᠤ᠂ ᠮᠣᠩᠭᠣᠯ  ᠪᠠᠩᠭᠢᠨ ᠤ ᠶᠡᠷᠦᠩᠬᠡᠶᠢᠯᠡᠭᠴᠢ ᠶᠢᠨ ᠲᠤᠰᠢᠶᠠᠯ ᠢᠶᠠᠷ ︽ᠪᠠᠩᠬᠢᠨ ᠤ ᠬᠥᠭᠵᠢᠯ -95 ᠵᠢᠯ︾ᠠᠶᠠᠨ ᠢ ᠵᠢᠷᠭᠤᠭᠠᠨ ᠰᠠᠷ᠎ᠠ ᠶᠢᠨ ᠬᠤᠭᠤᠴᠠᠭᠠᠨ ᠳᠤ ᠬᠡᠷᠡᠭᠵᠢᠭᠦᠯᠬᠦ ᠪᠡᠷ ᠪᠣᠯᠵᠠᠢ᠃
ᠥᠨᠥᠳᠥᠷ ᠪᠣᠯᠤᠭᠰᠠᠨ ᠠᠶᠠᠨ ᠤ ᠨᠡᠭᠡᠭᠡᠯᠲᠡ ᠳᠦ ᠮᠣᠩᠭᠣᠯ ᠤᠯᠤᠰ ᠳᠠᠬᠢ ᠣᠯᠠᠨ ᠤᠯᠤᠰ ᠤᠨ ᠰᠠᠩᠬᠦᠦ ᠶᠢᠨ ᠪᠠᠶᠢᠭᠤᠯᠤᠯᠭ᠎ᠠ ᠨᠤᠭᠤᠳ ᠮᠥᠨ ᠨᠡᠶᠢᠲᠡ ᠠᠷᠠᠯᠵᠢᠶᠠᠨ ᠤ ᠪᠠᠩᠬᠢᠨ ᠤ ᠲᠥᠯᠥᠭᠡᠯᠡᠯ ᠣᠷᠣᠯᠴᠠᠯ᠎ᠠ᠃ ᠮᠣᠩᠭᠣᠯ  ᠪᠠᠩᠭᠢᠨ ᠤ ᠶᠡᠷᠦᠩᠬᠡᠶᠢᠯᠡᠭᠴᠢ ᠨ∙ ᠪᠠᠶᠠᠷᠲᠤᠰᠠᠶᠢᠬᠠᠨ ︽ᠪᠠᠩᠬᠢᠨ ᠤ ᠬᠥᠭᠵᠢᠯ -95︾ ᠠᠶᠠᠨ ᠢ ᠨᠡᠭᠡᠭᠡᠵᠦ ᠬᠡᠯᠡᠭᠰᠡᠨ ᠦᠭᠡᠨ ᠳᠦ ᠪᠡᠨ᠄1924 ᠣᠨ ᠳᠤ ᠵᠥᠪᠯᠡᠯᠲᠦ ᠣᠷᠣᠰ ᠤᠯᠤᠰ ᠲᠠᠢ ᠬᠤᠪᠢ ᠨᠡᠶᠢᠯᠡᠭᠦᠯᠦᠭᠰᠡᠨ ᠮᠣᠩᠭᠣᠯ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠪᠠᠩᠬᠢ ᠶᠢ ᠨᠡᠶᠢᠰᠯᠡᠯ ᠬᠦᠷᠢᠶᠡᠨ ᠳᠦ ᠪᠠᠶᠢᠭᠤᠯᠤᠭᠰᠠᠨ ᠢᠶᠠᠷ ᠮᠠᠨ ᠤ ᠤᠯᠤᠰ ᠲᠤ ᠨᠢᠭᠡ ᠱᠠᠲᠤᠯᠠᠯᠲᠤ ᠪᠠᠩᠬᠢᠨ ᠤ ᠲᠣᠭᠲᠠᠯᠴᠠᠭ᠎ᠠ ᠡᠭᠦᠰᠴᠦ᠂ ᠲᠡᠭᠦᠨ ᠡᠴᠡ ᠬᠣᠶᠢᠰᠢ 70 ᠰᠢᠬᠠᠮ ᠵᠢᠯ ᠦᠨ ᠳᠠᠷᠠᠭ᠎ᠠ ᠪᠤᠶᠤ 1991 ᠣᠨ ᠳᠤ ᠬᠣᠶᠠᠷ ᠱᠠᠲᠤᠯᠠᠯᠲᠤ ᠲᠣᠭᠲᠠᠯᠴᠠᠭᠠᠨ ᠳᠤ ᠰᠢᠯᠵᠢᠵᠦ᠂ ᠣᠷᠴᠢᠨ ᠦᠶ᠎ᠡ ᠶᠢᠨ ᠪᠠᠩᠬᠢ ᠡᠭᠦᠰᠦᠭᠰᠡᠨ ᠢ ᠳᠤᠷᠠᠳᠤᠭᠠᠳ᠂ ᠪᠠᠩᠬᠢᠨ ᠤ ᠰᠠᠯᠪᠤᠷᠢ ᠨᠢ ᠮᠠᠨ ᠤ ᠤᠯᠤᠰ ᠤᠨ ᠬᠠᠮᠤᠭ ᠤᠨ ᠬᠤᠷᠳᠤ ᠲᠠᠢ ᠬᠥᠭᠵᠢᠵᠦ ᠪᠤᠢ ᠰᠠᠯᠪᠤᠷᠢ ᠨᠤᠭᠤᠳ ᠤᠨ ᠨᠢᠭᠡ ᠪᠥᠭᠡᠳ ᠮᠣᠩᠭᠣᠯ ᠣᠷᠣᠨ ᠤ ᠡᠳ᠋ ᠍ ᠦᠨ ᠵᠠᠰᠠᠭ ᠤᠨ ᠬᠥᠭᠵᠢᠯ ᠦᠨ ᠴᠢᠬᠤᠯᠠ ᠲᠤᠯᠭᠠᠭᠤᠷᠢ᠂ ᠳᠡᠳ᠋ ᠪᠦᠲᠦᠴᠡ ᠪᠣᠯᠵᠤ ᠪᠠᠶᠢᠭ᠎ᠠ ᠢ ᠣᠨᠴᠠᠯᠠᠨ ᠴᠢᠨᠠᠭᠰᠢᠳᠠ ᠲᠤᠯᠭᠠᠷᠠᠵᠤ ᠪᠤᠢ ᠰᠣᠷᠢᠯᠲᠠ ᠨᠤᠭᠤᠳ ᠢ ᠳᠠᠪᠠᠨ ᠲᠤᠭᠤᠯᠬᠤ ᠳᠤ ᠪᠦᠬᠦ ᠨᠡᠶᠢᠲᠡ ᠶᠢᠨ ᠣᠷᠣᠯᠴᠠᠭ᠎ᠠ ᠴᠢᠬᠤᠯᠠ ᠲᠤᠯᠠ ᠡᠨᠡᠬᠦ ᠠᠶᠠᠨ ᠢ ᠬᠡᠷᠡᠭᠵᠢᠭᠦᠯᠬᠦ ᠪᠣᠯᠤᠭᠰᠠᠨ ᠢ ᠴᠣᠬᠣᠨ ᠲᠡᠮᠳᠡᠭᠯᠡᠭᠰᠡᠨ ᠶᠤᠮ᠃

ᠰᠡᠳᠬᠢᠭᠳᠡᠯ ᠦᠯᠡᠳᠡᠭᠡᠬᠦ