ᠶᠡᠷᠦᠩᠬᠡᠶᠢᠯᠡᠭᠴᠢ ᠨᠠᠮᠤᠷ ᠤᠨ ᠴᠢᠭᠤᠯᠭᠠᠨ ᠢ ᠰᠤᠩᠭᠠᠬᠤ ᠰᠠᠨᠠᠯ ᠭᠠᠷᠭᠠᠯ᠎ᠠ | News.MN

ᠶᠡᠷᠦᠩᠬᠡᠶᠢᠯᠡᠭᠴᠢ ᠨᠠᠮᠤᠷ ᠤᠨ ᠴᠢᠭᠤᠯᠭᠠᠨ ᠢ ᠰᠤᠩᠭᠠᠬᠤ ᠰᠠᠨᠠᠯ ᠭᠠᠷᠭᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠲᠤ ︽ᠰᠠᠨᠠᠯ ᠬᠦᠷᠭᠡᠭᠦᠯᠬᠦ ᠲᠤᠬᠠᠢ︾ ᠠᠯᠪᠠᠨ ᠪᠢᠴᠢᠭ ᠢᠯᠡᠭᠡᠵᠡᠢ ᠃ ᠲᠤᠬᠠᠶᠢᠯᠠᠪᠠᠯ᠂ ᠤᠯᠤᠰ ᠤᠨ ᠶᠡᠬᠡ ᠬᠤᠷᠠᠯ 2018 ᠣᠨ ᠤ ᠨᠠᠮᠤᠷ ᠤᠨ ᠡᠭᠡᠯᠵᠢᠲᠦ ᠴᠢᠭᠤᠯᠭᠠᠨ ᠢᠶᠠᠷ ᠬᠡᠯᠡᠯᠴᠡᠬᠦ ᠪᠡᠷ ᠲᠥᠯᠥᠪᠯᠡᠭᠰᠡᠨ 23 ᠬᠠᠤᠯᠢ ᠲᠣᠭᠲᠠᠭᠠᠮᠵᠢ ᠶᠢᠨ ᠲᠥᠰᠥᠯ ᠡᠴᠡ ᠲᠠᠪᠤ ᠶᠢ ᠨᠢ ᠬᠡᠯᠡᠯᠴᠡᠨ ᠰᠢᠢᠳᠪᠦᠷᠢᠯᠡᠵᠦ᠂ ᠰᠢᠢᠳᠦᠯ ᠢᠶᠡᠨ ᠬᠦᠯᠢᠶᠡᠵᠦ ᠪᠠᠶᠢᠭ᠎ᠠ ᠨᠡᠶᠢᠭᠡᠮ᠂ ᠡᠳ᠋ ᠍ ᠦᠨ ᠵᠠᠰᠠᠭ ᠤᠨ ᠠᠮᠢᠨ ᠴᠢᠬᠤᠯᠠ ᠣᠯᠠᠨ ᠠᠰᠠᠭᠤᠳᠠᠯ ᠢ ᠬᠣᠶᠢᠰᠢᠯᠠᠭᠤᠯᠤᠨ᠂ ᠬᠠᠪᠤᠷ ᠤᠨ ᠴᠢᠭᠤᠯᠭᠠᠨ ᠬᠦᠷᠲᠡᠯ᠎ᠡ ᠬᠦᠯᠢᠶᠡᠯᠭᠡᠬᠦ ᠡᠴᠡ ᠥᠭᠡᠷ᠎ᠡ ᠠᠷᠭ᠎ᠠ ᠦᠭᠡᠢ ᠳᠦ ᠬᠦᠷᠴᠦ ᠪᠠᠶᠢᠨ᠎ᠠ᠃ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠢᠩᠭᠢᠵᠤ ᠠᠵᠢᠯᠯᠠᠵᠤ ᠪᠠᠶᠢᠭ᠎ᠠ ᠨᠢ ᠰᠠᠬᠢᠯᠭ᠎ᠠ᠂ ᠬᠠᠷᠢᠭᠤᠴᠠᠯᠭ᠎ᠠ ᠶᠢ ᠪᠦᠬᠦ ᠲᠦᠪᠰᠢᠨ ᠳᠦ ᠠᠯᠳᠠᠭᠳᠠᠭᠤᠯᠵᠤ᠂ ᠨᠡᠶᠢᠭᠡᠮ ᠤᠨ ᠬᠥᠭᠵᠢᠯ ᠢ ᠰᠠᠭᠠᠷᠠᠭᠤᠯᠬᠤ᠂ ᠠᠯᠢᠪᠠ ᠪᠡᠷᠬᠡᠰᠢᠶᠡᠯ ᠢ ᠭᠠᠭᠠᠷᠠᠭᠤᠯᠬᠤ ᠰᠢᠯᠲᠠᠭ ᠰᠢᠯᠲᠠᠭᠠᠨ ᠪᠣᠯᠬᠤ ᠠᠴᠠ ᠭᠠᠳᠠᠨ᠎ᠠ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠨᠢᠭᠡᠳᠦᠭᠡᠷ ᠵᠦᠢᠯ ᠂ ᠭᠤᠷᠪᠠᠳᠤᠭᠠᠷ ᠵᠦᠢᠯ ᠦᠨ ᠨᠢᠭᠡᠳᠡᠬᠢ ᠬᠡᠰᠡᠭ᠂ ᠬᠣᠷᠢᠨ ᠳᠣᠯᠣᠳᠤᠭᠠᠷ ᠵᠦᠢᠯ ᠦᠨ  ᠬᠤᠶᠠᠳᠠᠬᠢ ᠬᠡᠰᠡᠭ ᠢ ᠲᠤᠰ ᠲᠤᠰ ᠵᠦᠷᠢᠴᠡᠬᠦ ᠨᠥᠬᠥᠴᠡᠯ ᠳᠦ  ᠬᠦᠷᠦᠨ᠎ᠡ ᠃
ᠡᠶᠢᠮᠦ ᠨᠥᠬᠥᠴᠡᠯ ᠳᠦ ᠤᠯᠤᠰ ᠤᠨ ᠶᠡᠬᠡ ᠬᠤᠷᠠᠯ ᠤᠨ 2018 ᠣᠨ ᠤ ᠨᠠᠮᠤᠷ ᠤᠨ ᠡᠭᠡᠯᠵᠢᠲᠦ ᠴᠢᠭᠤᠯᠭᠠᠨ ᠢ ᠬᠠᠤᠯᠢ ᠶᠢᠨ ᠬᠤᠭᠤᠴᠠᠭᠠᠨ ᠳᠤ ᠨᠢ ᠬᠠᠭᠠᠬᠤ ᠪᠣᠯᠤᠮᠵᠢ ᠦᠭᠡᠢ ᠪᠥᠭᠡᠳ ᠴᠢᠭᠤᠯᠭᠠᠨ ᠤ ᠬᠤᠭᠤᠴᠠᠭ᠎ᠠ ᠶᠢ ᠵᠠᠶᠢᠯᠠᠰᠢ ᠦᠭᠡᠢ ᠰᠤᠩᠭᠠᠵᠤ᠂ ᠰᠢᠢᠳᠦᠯ ᠬᠦᠯᠢᠶᠡᠵᠦ ᠪᠠᠶᠢᠭ᠎ᠠ ᠲᠤᠯᠭᠠᠮᠳᠠᠭᠰᠠᠨ ᠠᠰᠠᠭᠤᠳᠠᠯ ᠤᠳ ᠢ ᠨᠢᠭᠡ ᠪᠥᠷᠢᠴᠢᠯᠡᠨ ᠬᠡᠯᠡᠯᠴᠡᠨ ᠰᠢᠢᠳᠪᠦᠷᠢᠯᠡᠬᠦ ᠱᠠᠭᠠᠷᠳᠠᠯᠭ᠎ᠠ ᠲᠠᠢ ᠭᠡᠵᠦ ᠦᠵᠡᠵᠦ ᠪᠠᠶᠢᠨ᠎ᠠ᠃ ᠤᠯᠤᠰ ᠤᠨ ᠶᠡᠬᠡ ᠬᠤᠷᠠᠯ ᠤᠨ ᠦᠢᠯᠡ ᠠᠵᠢᠯᠯᠠᠭᠠᠨ ᠳᠤ ᠦᠨᠳᠦᠰᠦᠨ ᠬᠠᠤᠯᠢ᠂ ᠪᠤᠰᠤᠳ ᠬᠠᠤᠯᠢ ᠶᠢ  ᠰᠠᠬᠢᠨ ᠪᠡᠶᠡᠯᠡᠭᠦᠯᠬᠦ ᠠᠵᠢᠯ ᠢ ᠵᠣᠬᠢᠶᠠᠨ ᠪᠠᠶᠢᠭᠤᠯᠬᠤ᠂ ᠪᠦᠷᠢᠨ ᠡᠷᠬᠡ ᠪᠡᠨ ᠬᠡᠷᠡᠭᠵᠢᠭᠦᠯᠬᠦ ᠳᠦ ᠨᠢ ᠭᠡᠰᠢᠭᠦᠳ ᠲᠦ ᠪᠦᠬᠦ ᠲᠠᠯ᠎ᠠ ᠶᠢᠨ ᠳᠡᠮᠵᠢᠯᠭᠡ ᠦᠵᠡᠭᠦᠯᠬᠦ ᠨᠢ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠬᠠᠤᠯᠢ ᠪᠠᠷ ᠬᠦᠯᠢᠶᠡᠭᠰᠡᠨ ᠡᠭᠦᠷᠭᠡ ᠳᠦ ᠬᠠᠮᠢᠶᠠᠷᠤᠨ᠎ᠠ ᠃ ᠡᠶᠢᠮᠦ ᠳᠦ ᠮᠣᠩᠭᠣᠯ ᠤᠯᠤᠰ ᠤᠨ ᠶᠡᠬᠡ ᠬᠤᠷᠠᠯ ᠤᠨ 2018 ᠣᠨ ᠤ ᠨᠠᠮᠤᠷ ᠤᠨ ᠡᠭᠡᠯᠵᠢᠲᠦ ᠴᠢᠭᠤᠯᠭᠠᠨ ᠤ ᠬᠤᠭᠤᠴᠠᠭ᠎ᠠ ᠶᠢ ᠰᠤᠩᠭᠠᠨ ᠬᠤᠷᠠᠯᠳᠤᠭᠤᠯᠬᠤ ᠠᠰᠠᠭᠤᠳᠠᠯ ᠢ ᠡᠷᠲᠡᠨ ᠡᠴᠡ ᠲᠥᠯᠥᠪᠯᠡᠨ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠶᠢᠨ᠎ᠠ ᠭᠡᠵᠡᠢ᠃

ᠰᠡᠳᠬᠢᠭᠳᠡᠯ ᠦᠯᠡᠳᠡᠭᠡᠬᠦ