ᠰ∙ᠮᠥᠩᠬᠡᠴᠢᠯᠠᠭᠤᠨ᠄ ᠨᠠᠮᠠᠶᠢ ᠪᠠᠲᠤᠯᠠᠮᠵᠢᠯᠠᠬᠤ ᠦᠭᠡᠢ ᠪᠠᠶᠢᠬᠤ ᠰᠢᠯᠲᠠᠭᠠᠨ ᠦᠭᠡᠢ | News.MN

ᠰ∙ᠮᠥᠩᠬᠡᠴᠢᠯᠠᠭᠤᠨ᠄ ᠨᠠᠮᠠᠶᠢ ᠪᠠᠲᠤᠯᠠᠮᠵᠢᠯᠠᠬᠤ ᠦᠭᠡᠢ ᠪᠠᠶᠢᠬᠤ ᠰᠢᠯᠲᠠᠭᠠᠨ ᠦᠭᠡᠢ

ᠨᠡᠶᠢᠰᠯᠡᠯ ᠦᠨ ᠵᠠᠰᠠᠭ ᠳᠠᠷᠤᠭ᠎ᠠ ᠳᠤ ᠨᠡᠷ᠎ᠡ ᠳᠡᠪᠰᠢᠵᠦ ᠂ ᠣᠯᠠᠩᠬᠢ ᠶᠢᠨ ᠰᠠᠨᠠᠯ ᠢ ᠠᠪᠤᠭᠰᠠᠨ ᠰ∙ᠮᠥᠩᠬᠡᠴᠢᠯᠠᠭᠤᠨ ᠲᠠᠢ ᠶᠠᠷᠢᠯᠴᠠᠯ᠎ᠠ ᠃
– ᠲᠠᠨ ᠢ ᠪᠠᠲᠤᠯᠠᠮᠵᠢᠯᠠᠭᠤᠯᠬᠤ ᠪᠢᠴᠢᠭ ᠢ ᠶᠡᠷᠦᠩᠬᠡᠢ ᠰᠠᠶᠢᠳ ᠤ᠊∙ ᠬᠦᠷᠡᠯᠰᠦ᠋ᠬᠡ ᠳᠦ ᠬᠦᠷᠭᠡᠭᠦᠯᠦᠭᠰᠡᠨ ᠭᠡᠬᠦ ᠮᠡᠳᠡᠭᠡᠯᠡᠯ ᠪᠠᠶᠢᠨ᠎ᠠ᠃ ᠡᠨᠡ ᠲᠠᠯ᠎ᠠ ᠪᠠᠷ ᠮᠡᠳᠡᠭᠡᠯᠡᠯ ᠥᠭᠭᠦᠨ᠎ᠡ ᠦᠦ︖
-ᠨᠡᠶᠢᠰᠯᠡᠯ ᠦᠨ ᠵᠠᠰᠠᠭ ᠳᠠᠷᠤᠭ᠎ᠠ ᠳᠤ ᠰᠤᠩᠭᠤᠭᠳᠠᠭᠰᠠᠨ ᠠᠴᠠ ᠬᠣᠶᠢᠰᠢ ᠡᠳᠦᠷ ᠪᠦᠷᠢ ᠰᠢᠨ᠎ᠡ ᠨᠡᠷ᠎ᠡ᠂ ᠬᠣᠴᠢ ᠵᠡᠭᠦᠳᠡᠭ ᠪᠣᠯᠤᠭᠰᠠᠨ᠃ ᠥᠨᠥᠳᠥᠷ ᠥᠷᠯᠥᠭᠡ ᠨᠠᠳᠠ ᠤᠷᠤᠭᠤ ᠣᠯᠠᠨ ᠬᠦᠮᠦᠨ ᠤᠲᠠᠰᠤ ᠪᠠᠷ ᠶᠠᠷᠢᠵᠤ ᠂ ᠲᠠᠨ ᠢ ᠶᠠᠭᠠᠬᠢᠭᠠᠳ ᠪᠠᠲᠤᠯᠠᠮᠵᠢᠯᠠᠭ᠎ᠠ ᠦᠭᠡᠢ ᠶᠤᠮ ᠪᠤᠢ ᠭᠡᠵᠦ ᠠᠰᠠᠭᠤᠭᠰᠠᠨ᠃ ᠥᠴᠥᠭᠡᠳᠦᠷ ᠣᠷᠣᠢ 18.30 ᠴᠠᠭ ᠤᠨ ᠪᠠᠶᠢᠳᠠᠯ ᠢᠶᠠᠷ ᠪᠠᠲᠤᠯᠠᠮᠵᠢᠯᠠᠭᠤᠯᠬᠤ ᠪᠢᠴᠢᠭ ᠢ ᠶᠠᠪᠤᠭᠤᠯᠤᠭ᠎ᠠ ᠦᠭᠡᠢ ᠪᠠᠶᠢᠭᠰᠠᠨ᠃ ᠲᠡᠭᠡᠬᠦ ᠪᠡᠷ ᠶᠡᠷᠦᠩᠬᠡᠢ ᠰᠠᠶᠢᠳ ᠪᠠᠲᠤᠯᠠᠮᠵᠢᠯᠠᠭ᠎ᠠ ᠦᠭᠡᠢ ᠭᠡᠳᠡᠭ ᠲᠦ ᠨᠢ ᠢᠲᠡᠭᠡᠬᠦ ᠦᠭᠡᠢ ᠪᠠᠶᠢᠨ᠎ᠠ᠃ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠡᠳ᠋ ᠳᠠᠷᠤᠭ᠎ᠠ ᠭ∙ᠪᠠᠶᠠᠰᠬᠤᠯᠠᠩ ᠮᠥᠨ᠂ ᠬᠣᠲᠠ ᠶᠢᠨ ᠳᠠᠷᠤᠭ᠎ᠠ ᠳᠤ ᠪᠠᠲᠤᠯᠠᠮᠵᠢᠯᠠᠭᠤᠯᠬᠤ ᠪᠢᠴᠢᠭ ᠢᠷᠡᠭᠡ ᠦᠭᠡᠢ ᠪᠠᠶᠢᠨ᠎ᠠ ᠭᠡᠵᠦ ᠮᠡᠳᠡᠭᠳᠡᠭᠰᠡᠨ᠃
– ᠬᠣᠲᠠ ᠶᠢᠨ ᠳᠠᠷᠤᠭ᠎ᠠ ᠳᠤ ᠣᠯᠠᠩᠬᠢ ᠶᠢᠨ ᠰᠠᠨᠠᠯ ᠠᠪᠤᠭᠰᠠᠨ ᠬᠦᠮᠦᠨ ᠢ ᠪᠠᠲᠤᠯᠠᠮᠵᠢᠯᠠᠬᠤ ᠬᠠᠤᠯᠢ ᠶᠢᠨ ᠬᠤᠭᠤᠴᠠᠭ᠎ᠠ ᠨᠢ ᠬᠡᠳᠦ ᠬᠣᠨᠣᠭ ᠪᠠᠶᠢᠳᠠᠭ ᠶᠤᠮ ᠪᠤᠢ ︖
– ᠡᠬᠢᠨ ᠦ ᠤᠳᠠᠭ᠎ᠠ ᠬᠡᠳᠦ ᠬᠣᠨᠣᠭ ᠤᠨ ᠳᠣᠲᠣᠷ᠎ᠠ ᠬᠠᠷᠢᠭᠤ ᠥᠭᠭᠦᠨ᠎ᠡ ᠭᠡᠰᠡᠨ ᠵᠦᠢᠯ ᠦᠭᠡᠢ᠃ ᠡᠨᠡ ᠤᠳᠠᠭ᠎ᠠ ᠪᠠᠲᠤᠯᠠᠮᠵᠢᠯᠠᠬᠤ ᠦᠭᠡᠢ ᠪᠣᠯ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠳᠠᠬᠢᠨ ᠬᠤᠷᠠᠯᠳᠤᠵᠤ ᠬᠣᠲᠠ ᠶᠢᠨ ᠳᠠᠷᠤᠭ᠎ᠠ ᠶᠢ ᠰᠣᠩᠭᠣᠨ᠎ᠠ᠃ ᠲᠡᠷᠡ ᠬᠤᠷᠠᠯ ᠠᠴᠠ ᠰᠣᠩᠭᠣᠭᠳᠠᠭᠰᠠᠨ ᠬᠦᠮᠦᠨ ᠦ ᠠᠰᠠᠭᠤᠳᠠᠯ ᠢ ᠲᠠᠪᠤ ᠬᠣᠨᠣᠭ ᠤᠨ ᠳᠣᠲᠣᠷ᠎ᠠ ᠰᠢᠢᠳᠪᠦᠷᠢᠯᠡᠨ᠎ᠡ ᠭᠡᠰᠡᠨ ᠬᠠᠤᠯᠢ ᠶᠢᠨ ᠵᠢᠭᠠᠯᠲᠠ ᠲᠠᠢ᠃ ᠬᠣᠲᠠ ᠶᠢᠨ ᠳᠠᠷᠤᠭ᠎ᠠ ᠪᠠᠷ ᠪᠠᠲᠤᠯᠠᠮᠵᠢᠯᠠᠬᠤ ᠡᠰᠡᠬᠦ ᠨᠢ ᠶᠡᠷᠦᠩᠬᠡᠢ ᠰᠠᠶᠢᠳ ᠲᠤ ᠬᠠᠤᠯᠢ ᠪᠠᠷ ᠣᠯᠭᠣᠭᠳᠠᠭᠰᠠᠨ ᠡᠷᠬᠡ᠃ ᠬᠠᠷᠢᠨ 16 ᠍ ᠤ ᠡᠳᠦᠷ ᠭᠠᠷᠭᠠᠭᠰᠠᠨ ᠲᠣᠭᠲᠠᠭᠠᠯ ᠢ ᠥᠨᠥᠳᠥᠷ ᠢ ᠬᠦᠷᠲᠡᠯ᠎ᠡ ᠶᠠᠪᠤᠭᠤᠯᠬᠤ ᠦᠭᠡᠢ ᠪᠠᠶᠢᠭ᠎ᠠ ᠶᠢ ᠶᠡᠷᠦᠩᠬᠡᠢ ᠰᠠᠶᠢᠳ ᠤᠨ ᠬᠠᠤᠯᠢ ᠪᠠᠷ ᠣᠯᠭᠣᠭᠳᠠᠭᠰᠠᠨ ᠡᠷᠬᠡᠨ ᠳᠦ ᠬᠠᠯᠳᠠᠵᠤ ᠪᠠᠶᠢᠨ᠎ᠠ ᠭᠡᠵᠦ ᠬᠠᠷᠠᠵᠤ ᠪᠠᠶᠢᠨ᠎ᠠ᠃ ᠶᠠᠮᠠᠷ ᠨᠢᠭᠡᠨ ᠰᠢᠢᠳᠪᠦᠷᠢ ᠭᠠᠷᠤᠭᠰᠠᠨ ᠮᠡᠲᠦ ᠪᠡᠷ ᠶᠡᠷᠦᠩᠬᠡᠢ ᠰᠠᠶᠢᠳ ᠤᠨ ᠡᠮᠦᠨ᠎ᠡ ᠡᠴᠡ ᠶᠠᠷᠢᠵᠤ ᠪᠤᠢ ᠨᠢ ᠴᠤ ᠬᠠᠷᠠᠮᠰᠠᠯᠲᠠᠢ ᠪᠠᠶᠢᠨ᠎ᠠ᠃
– ᠲᠠᠨ ᠢ ᠪᠠᠲᠤᠯᠠᠮᠵᠢᠯᠠᠬᠤ ᠦᠭᠡᠢ ᠪᠠᠶᠢᠬᠤ ᠰᠢᠯᠲᠠᠭᠠᠨ ᠪᠤᠢ ᠤᠤ᠂ ᠲᠠ ᠬᠣᠲᠠ ᠶᠢᠨ ᠳᠠᠷᠤᠭ᠎ᠠ ᠪᠠᠷ ᠠᠵᠢᠯᠯᠠᠬᠤ ᠪᠦᠬᠦᠢ ᠯᠠ ᠰᠢᠯᠭᠠᠭᠤᠷ ᠢ ᠬᠠᠩᠭᠠᠭᠰᠠᠨ ᠤᠤ ︖
– ᠨᠠᠮᠠᠶᠢ ᠪᠠᠲᠤᠯᠠᠮᠵᠢᠯᠠᠬᠤ ᠦᠭᠡᠢ ᠭᠡᠬᠦ ᠠᠰᠠᠭᠤᠳᠠᠯ ᠡᠭᠦᠰᠬᠦ ᠦᠭᠡᠢ  ᠪᠠᠶᠢᠬᠤ ᠂ ᠪᠢ ᠬᠠᠤᠯᠢ ᠳᠤ ᠵᠢᠭᠠᠭᠰᠠᠨ ᠪᠣᠯᠵᠣᠯ ᠤᠳ ᠢ ᠬᠠᠩᠭᠠᠭᠰᠠᠨ᠃ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠥᠯᠥᠭᠡᠯᠡᠭᠴᠢ ᠶᠢᠨ ᠣᠯᠠᠩᠬᠢ ᠶᠢᠨ ᠰᠠᠨᠠᠯ ᠢ ᠠᠪᠤᠭᠰᠠᠨ᠃  ᠪᠢ 16 ᠤ ᠡᠳᠦᠷ ᠪᠦᠬᠦᠢ ᠯᠠ ᠮᠠᠲ᠋ᠧᠷᠢᠶᠠᠯ ᠢ ᠪᠦᠷᠢᠳᠦᠭᠦᠯᠵᠦ ᠥᠭᠭᠦᠭᠰᠡᠨ᠃ ᠥᠩᠭᠡᠷᠡᠭᠰᠡᠨ ᠪᠠᠰᠠᠩ ᠭᠠᠷᠠᠭ ᠲᠤ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠬᠤᠷᠠᠯ ᠤᠨ ᠭᠠᠷ ᠤᠨ ᠦᠰᠦᠭ ᠵᠢᠷᠤᠭᠳᠠᠭ᠎ᠠ ᠦᠭᠡᠢ ᠪᠠᠶᠢᠭᠰᠠᠨ᠃ ᠥᠴᠥᠭᠡᠳᠦᠷ ᠥᠷᠯᠥᠭᠡ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠲᠠᠢ ᠠᠭᠤᠯᠵᠠᠬᠤ ᠳᠤ ᠲᠣᠭᠲᠠᠭᠠᠯ ᠳᠤ ᠭᠠᠷ ᠤᠨ ᠦᠰᠦᠭ ᠵᠢᠷᠤᠨ᠎ᠠ ᠭᠡᠵᠦ ᠬᠡᠯᠡᠭᠰᠡᠨ᠃ ᠲᠡᠭᠡᠬᠦ ᠪᠡᠷ ᠶᠡᠷᠦᠩᠬᠡᠢ ᠰᠠᠶᠢᠳ ᠲᠤ ᠪᠠᠲᠤᠯᠠᠮᠵᠢᠯᠠᠭᠤᠯᠬᠤ ᠪᠢᠴᠢᠭ ᠶᠠᠪᠤᠭᠰᠠᠨ ᠭᠡᠵᠦ ᠣᠶᠢᠯᠠᠭᠠᠵᠤ ᠪᠠᠶᠢᠨ᠎ᠠ᠃ ᠪᠢ ᠲᠥᠷᠥ ᠶᠢᠨ ᠠᠯᠪᠠᠨ ᠤ ᠪᠠᠨ ᠳᠠᠳᠤᠯᠭ᠎ᠠ ᠲᠤᠷᠰᠢᠯᠭ᠎ᠠ ᠶᠢᠨ ᠢᠶᠠᠨ ᠳᠠᠭᠠᠤ ᠡᠨᠡ ᠠᠵᠢᠯ ᠢ ᠬᠢᠵᠦ ᠴᠢᠳᠠᠨ᠎ᠠ ᠭᠡᠵᠦ ᠦᠵᠡᠭᠰᠡᠨ ᠤᠴᠢᠷ ᠠᠴᠠ ᠨᠡᠷ᠎ᠡ ᠳᠡᠪᠰᠢᠭᠰᠡᠨ᠃ ᠡᠨᠡ ᠪᠣᠯ ᠬᠠᠤᠯᠢ ᠪᠠᠷ ᠣᠯᠭᠣᠭᠳᠠᠭᠰᠠᠨ ᠡᠷᠬᠡ᠃

ᠰᠡᠳᠬᠢᠭᠳᠡᠯ ᠦᠯᠡᠳᠡᠭᠡᠬᠦ