ᠳᠤᠷᠤᠨᠠᠭᠤᠪᠢ ᠠᠶᠢᠮᠠᠭ ᠤᠨ ᠰᠠᠶᠢᠨᠱᠠᠩᠳᠠ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠍ ᠠᠴᠠ ︽ᠲᠡᠮᠡᠭᠡᠨ ᠫᠣᠯᠣ︾᠂ ︽ᠠᠲᠠᠨ ᠲᠡᠮᠡᠭᠡᠨ ᠦ ᠤᠷᠤᠯᠳᠤᠭᠠᠨ︾᠂ ︽ᠰᠠᠶᠢᠬᠠᠨ ᠪᠤᠤᠷ᠎ᠠ︾ ᠰᠢᠯᠭᠠᠷᠠᠭᠤᠯᠬᠤ ᠲᠡᠮᠡᠴᠡᠭᠡᠨ ᠢ ᠵᠡᠭᠦᠨᠪᠠᠶᠠᠨ ᠪᠠᠭ ᠲᠤ ᠨᠢᠭᠡᠳᠦᠭᠡᠷ ᠰᠠᠷ᠎ᠠ ᠶᠢᠨ 25 ᠍ ᠳᠦ ᠵᠣᠬᠢᠶᠠᠨ ᠪᠠᠶᠢᠭᠤᠯᠬᠤ ᠪᠠᠷ ᠲᠣᠪᠯᠠᠯᠠ᠃ ᠡᠪᠦᠯ ᠦᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠣᠷᠢᠯᠲᠠ ᠶᠢᠨ ᠬᠦᠷᠢᠶᠡᠨ ᠳᠦ ᠮᠣᠩᠭᠣᠯᠴᠤᠳ ᠤᠨ ᠮᠠᠯ ᠠᠵᠤ ᠠᠬᠤᠢ ᠶᠢᠨ ᠰᠤᠶᠤᠯ ᠤᠨ ᠨᠢᠭᠡ ᠪᠣᠯᠤᠭᠰᠠᠨ ᠲᠡᠮᠡᠭᠡᠨ ᠰᠦᠷᠦᠭ ᠢ ᠬᠠᠶᠢᠷᠠᠯᠠᠨ ᠬᠠᠮᠠᠭᠠᠯᠠᠬᠤ᠂ ᠠᠳᠤᠭᠤᠯᠠᠨ ᠮᠠᠯᠯᠠᠵᠤ ᠪᠤᠢ ᠮᠠᠯᠴᠢᠳ ᠤᠨ ᠠᠷᠭ᠎ᠠ ᠲᠤᠷᠰᠢᠯᠭ᠎ᠠ ᠶᠢ ᠰᠤᠷᠲᠠᠯᠴᠢᠯᠠᠬᠤ᠂ ᠲᠡᠮᠡᠭᠡᠨ ᠦ ᠰᠤᠶᠤᠯ ᠢ ᠲᠦᠭᠡᠭᠡᠨ ᠳᠡᠯᠭᠡᠷᠡᠭᠦᠯᠬᠦ ᠵᠣᠷᠢᠯᠭ᠎ᠠ ᠲᠠᠢ ᠲᠡᠮᠡᠴᠡᠭᠡᠨ ᠳᠦ ᠳᠣᠷᠣᠨᠠᠭᠣᠪᠢ ᠶᠢᠨ ᠪᠦᠬᠦ ᠰᠤᠮᠤ ᠶᠢᠨ ᠮᠠᠯᠴᠢᠳ ᠣᠷᠣᠯᠴᠠᠨ᠎ᠠ᠃
ᠳᠣᠷᠣᠨᠠᠭᠣᠪᠢ ᠠᠶᠢᠮᠠᠭ ᠤᠨ ᠲᠡᠮᠡᠭᠡᠨ ᠰᠦᠷᠦᠭ ᠦᠨ ᠲᠣᠭ᠎ᠠ ᠵᠢᠯ ᠪᠦᠷᠢ ᠥᠰᠦᠭᠰᠡᠭᠡᠷ ᠥᠩᠭᠡᠷᠡᠭᠰᠡᠨ ᠣᠨ ᠤ ᠵᠢᠯ ᠦᠨ ᠡᠴᠦᠰ ᠦᠨ ᠳ᠋ᠦᠩ ᠢᠶᠡᠷ 42.8 ᠮᠢᠩᠭ᠎ᠠ ᠪᠣᠯᠤᠭᠰᠠᠨ ᠶᠤᠮ᠃ ᠳᠣᠷᠣᠨᠠᠭᠣᠪᠢ ᠠᠴᠠ ᠲᠡᠮᠡᠭᠡᠨ ᠰᠦᠷᠦᠭ ᠢᠶᠡᠨ ᠥᠰᠬᠡᠨ ᠦᠷᠡᠵᠢᠭᠦᠯᠵᠦ ᠮᠣᠩᠭᠣᠯ ᠤᠯᠤᠰ ᠤᠨ ᠬᠥᠳᠡᠯᠮᠦᠷᠢ ᠶᠢᠨ ᠪᠠᠭᠠᠲᠤᠷ ᠴᠣᠯᠠ ᠬᠦᠷᠲᠡᠭᠰᠡᠨ ᠬᠦᠮᠦᠨ ᠪᠣᠯ ᠬᠠᠲᠠᠨᠪᠤᠯᠠᠭ ᠰᠤᠮᠤ ᠶᠢᠨ ᠤᠤᠭᠠᠯ ᠲᠡᠮᠡᠭᠡᠴᠢᠨ ᠨᠠᠰᠤᠨ ᠤ ᠬᠦᠷᠢᠶᠡᠲᠦ ᠠᠭᠰᠠᠨ ᠶᠤᠮ᠃