337 ᠰᠠᠶ᠎ᠠ ᠲᠥᠭᠥᠷᠢᠭ ᠦᠨ ᠮᠠᠷᠺ ᠤᠨ ᠰᠠᠩ ᠲᠠᠢ | News.MN

337 ᠰᠠᠶ᠎ᠠ ᠲᠥᠭᠥᠷᠢᠭ ᠦᠨ ᠮᠠᠷᠺ ᠤᠨ ᠰᠠᠩ ᠲᠠᠢ

︽ᠰᠢᠤᠳᠠᠨ ᠤ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠵᠠᠰᠠᠭ ᠤᠨ ᠭᠠᠵᠠᠷ ᠠᠴᠠ ᠤᠯᠤᠰ ᠤᠨ ᠶᠡᠬᠡ ᠬᠤᠷᠠᠯ ᠳᠦ ᠡᠷᠭᠦᠨ ᠪᠠᠷᠢᠭᠰᠠᠨ᠃ ᠤᠭ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠬᠡᠯᠡᠯᠴᠡᠵᠦ ᠡᠬᠢᠯᠡᠭᠡᠳ ᠪᠠᠶᠢᠭ᠎ᠠ ᠶᠤᠮ᠃ ᠡᠨᠡᠬᠦ ᠬᠠᠤᠯᠢ ᠶᠢᠨ ᠲᠥᠰᠥᠯ ᠳᠦ  ᠮᠠᠷᠺ ᠤᠨ ᠹᠣᠨᠳ᠋᠂ ᠰᠠᠩ ᠬᠥᠮᠥᠷᠭᠡ ᠶᠢ ᠰᠠᠶᠢᠵᠢᠷᠠᠭᠤᠯᠬᠤ᠂ ᠬᠠᠷᠢᠭᠤᠴᠠᠭᠴᠢ ᠶᠢ ᠲᠣᠳᠣᠷᠬᠠᠢ ᠪᠣᠯᠭᠠᠬᠤ᠂ ᠬᠠᠳᠠᠭᠠᠯᠠᠯᠲᠠ ᠬᠠᠮᠠᠭᠠᠯᠠᠯᠲᠠ ᠶᠢ ᠰᠠᠶᠢᠵᠢᠷᠠᠭᠤᠯᠬᠤ ᠵᠣᠬᠢᠴᠠᠭᠤᠯᠤᠯᠲᠠ ᠶᠢ ᠲᠤᠰᠬᠠᠵᠠᠢ᠃
ᠮᠡᠳᠡᠭᠡᠯᠡᠯ ᠬᠣᠯᠪᠣᠭᠠᠨ ᠤ ᠰᠦᠯᠵᠢᠶ᠎ᠡ ᠲᠥᠷᠥ ᠶᠢᠨ ᠥᠮᠴᠢᠲᠤ ᠺᠣᠮᠫᠠᠨᠢ ᠳᠤ 139 ᠰᠡᠳᠦᠪ ᠦᠨ 4120 ᠣᠷᠴᠢᠮ ᠨᠡᠷ᠎ᠡ ᠲᠥᠷᠥᠯ ᠦᠨ ᠮᠠᠷᠺ ᠬᠠᠳᠠᠭᠠᠯᠠᠭᠳᠠᠵᠤ ᠪᠠᠶᠢᠭ᠎ᠠ ᠠᠵᠠᠢ ᠃ ᠮᠠᠷᠺ ᠤᠨ ᠰᠠᠩ ᠨᠢ ᠨᠡᠶᠢᠲᠡ ᠳᠦ ᠪᠡᠨ 337 ᠰᠠᠶ᠎ᠠ ᠲᠥᠭᠥᠷᠢᠭ ᠢᠶᠡᠷ ᠦᠨᠡᠯᠡᠭᠳᠡᠳᠡᠭ ᠪᠥᠭᠡᠳ ᠬᠠᠮᠤᠭ ᠤᠨ ᠦᠨᠡᠲᠡᠢ ᠨᠢ 1924 ᠣᠨ ᠤ ᠳᠣᠯᠣᠳᠤᠭᠠᠷ ᠰᠠᠷ᠎ᠠ ᠶᠢᠨ 1 ᠳᠦ ᠭᠠᠷᠤᠭᠰᠠᠨ ᠮᠣᠩᠭᠣᠯ ᠤᠯᠤᠰ ᠤᠨ ᠬᠠᠮᠤᠭ ᠤᠨ ᠠᠩᠬᠠᠨ ᠤ ᠮᠠᠷᠺ  ︽ᠡᠯᠳᠡᠪᠸᠴᠢᠷ︾ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ